ᠸᠠᠩ ᠵᠧᠨ ᠬᠠᠢ ᠬᠡᠰᠡᠭ ᠰᠢᠶᠠᠩ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-04-02
      3 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠾᠧᠢ ᠲᠤ ᠲᠠᠢ ᠪᠠᠯᠭᠠᠰᠤ᠂ ᠶᠤᠸᠠᠨ ᠱᠠᠨ ᠽᠢ ᠰᠢᠶᠠᠩ᠂ ᠰᠠᠨ ᠢ ᠴᠢᠤᠸᠠᠨ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ ᠵᠢᠶᠦ᠋ᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
     ᠪᠠᠶᠢᠴᠠᠭᠠᠨ ᠰᠤᠳᠤᠯᠬᠤ ᠠᠵᠢᠯᠯᠠᠭ᠎ᠠ ᠳᠤᠮᠳᠠ᠂ ᠸᠠᠩ ᠵᠧᠨ ᠬᠠᠢ ᠨᠠᠷ ᠡᠯ᠎ᠡ ᠰᠢᠶᠠᠩ ᠪᠠᠯᠭᠠᠰᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠪᠦᠳᠦᠭᠡᠨ ᠪᠠᠶᠢᠭᠤᠯᠤᠯᠲᠠ ᠵᠢᠴᠢ ᠦᠢᠯᠡᠳᠪᠦᠷᠢᠯᠡᠯ ᠤᠨ ᠠᠬᠢᠴᠠ᠂ ᠠᠵᠤ ᠠᠬᠤᠶᠢᠯᠠᠯ᠂ ᠬᠠᠮᠲᠤ ᠶᠢᠨ ᠠᠵᠤ ᠠᠬᠤᠢ᠂ ᠶᠠᠳᠠᠭᠤ ᠬᠦᠴᠢᠷᠳᠡᠯᠲᠡᠢ ᠡᠷᠦᠬᠡ ᠶᠢᠨ ᠠᠰᠢᠭ ᠲᠤᠰᠠ ᠶᠢ ᠬᠤᠯᠪᠣᠬᠤ ᠲᠤᠬᠳᠠᠯᠴᠠᠭ᠎ᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ᠂ ᠬᠡᠰᠡᠭ ᠲᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠬᠡ ᠶᠢ ᠡᠷᠬᠢᠨ ᠦᠵᠡᠵᠦ᠂ ᠭᠤᠷᠪᠠᠨ ᠰᠢᠶᠠᠩ ᠪᠠᠯᠭᠠᠰᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ  ᠦᠷᠨᠢᠬᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠨᠠᠷᠢᠨ ᠣᠶᠢᠯᠠᠭᠠᠪᠠ᠃
     ᠾᠧᠢ ᠲᠤ ᠲᠠᠢ ᠪᠠᠯᠭᠠᠰᠤᠨ ᠤ ᠳ᠋ᠢᠶᠠᠨ ᠴᠢᠩ ᠮᠢᠶᠣᠣ ᠶᠢᠨ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠲᠤ᠂ ᠸᠠᠩ ᠵᠧᠨ ᠬᠠᠢ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠦᠢᠯᠡᠳᠪᠦᠷᠢᠯᠡᠯ ᠬᠠᠮᠢᠶᠠᠷᠤᠯᠲᠠ᠂ ᠦᠢᠯᠡᠳᠬᠦᠨ ᠤ ᠪᠣᠷᠣᠯᠠᠭᠤᠯᠭ᠎ᠠ ᠵᠢᠴᠢ ᠠᠵᠢᠯᠴᠢᠨ ᠬᠡᠷᠡᠭᠯᠡᠭᠰᠡᠨ ᠪᠠᠶᠢᠳᠠᠯ ᠪᠣᠯᠤᠨ ᠴᠠᠯᠢᠩ ᠬᠥᠯᠥᠰᠥ ᠣᠯᠭᠤᠮᠵᠢ ᠵᠡᠷᠭᠡ ᠲᠠᠯ ᠎ᠠ ᠪᠠᠷ ᠨᠠᠷᠢᠨ ᠣᠶᠢᠯᠠᠭᠠᠵᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠤᠬᠰᠠᠨ ᠮᠦᠷᠳᠡᠭᠡᠨ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠦᠢᠯᠡᠳᠪᠦᠷᠢᠯᠡᠯ ᠢ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ ᠥᠷᠨᠢᠭᠦᠯᠵᠦ᠂ ᠲᠤᠬᠠᠶ ᠶᠢᠨ ᠭᠠᠵᠠᠷ ᠤᠨ ᠣᠨᠴᠠᠯᠢᠭ ᠪᠥᠬᠦᠶ ᠡᠬᠢ ᠪᠠᠶᠠᠯᠢᠭ ᠤᠨ ᠳᠠᠪᠠᠭᠤᠯᠢᠭ ᠢ ᠬᠦᠢᠴᠡᠳ ᠠᠰᠢᠭᠯᠠᠨ᠂ ᠥᠪᠡᠷ ᠤᠨ ᠥᠷᠲᠡᠭ ᠤᠨ ᠲᠣᠭᠠᠴᠠᠭ᠎ᠠ ᠬᠢᠬᠦ ᠶᠢ ᠰᠠᠶᠢᠲᠤᠷ ᠬᠢᠵᠦ᠂ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠲᠤ ᠦᠨᠡᠨ ᠪᠣᠳᠠᠲᠠᠶ ᠦᠷ᠎ᠡ ᠠᠰᠢᠭ ᠬᠦᠷᠲᠡᠭᠡᠬᠦ ᠬᠡᠷᠡᠭᠲᠡᠶ ᠬᠡᠵᠦ  ᠱᠠᠭᠠᠷᠳᠠᠪᠠ᠃
      ᠶᠤᠸᠠᠨ ᠱᠠᠨ ᠽᠢ ᠰᠢᠶᠠᠩ ᠤᠨ ᠴᠢᠩ ᠴᠢᠩ ᠼᠤᠤ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ ᠪᠣᠯᠤᠨ ᠰᠠᠨ ᠢ ᠴᠢᠤᠸᠠᠨ ᠪᠠᠯᠭᠠᠰᠤᠨ ᠤ ᠬᠡᠷ ᠤᠨ ᠨᠠᠭᠤᠷ ᠠᠮᠢᠳᠤ ᠪᠣᠳᠠᠰ ᠤᠨ ᠬᠢᠵᠠᠭᠠᠷᠲᠤ ᠺᠣᠮᠫᠠᠨᠢ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ᠂ ᠸᠠᠩ ᠵᠧᠨ ᠬᠠᠢ ᠺᠣᠮᠫᠠᠨᠢ ᠶᠢᠨ ᠬᠠᠷᠢᠭᠤᠴᠠᠯᠭᠠᠲᠠᠨ ᠤ ᠠᠵᠤ ᠠᠬᠤᠶᠢᠯᠠᠯ ᠤᠨ ᠬᠥᠭᠵᠢᠯᠲᠡ᠂ ᠲᠠᠷᠢᠶᠠᠴᠢᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠵᠢᠴᠢ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠳᠠᠶᠢᠴᠢᠯᠠᠬᠤ ᠠᠵᠢᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠤᠨᠤᠰᠪᠠ᠃ ᠪᠠᠰᠠ᠂ ᠠᠵᠤ ᠠᠬᠤᠶᠢᠯᠠᠯ ᠢ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠦᠢᠯᠡᠰ ᠤᠨ ᠬᠡᠯᠬᠢᠶᠡᠰᠦ ᠶᠢ ᠲᠠᠰᠤᠷᠠᠯᠲᠠ ᠥᠬᠡᠶ ᠤᠷᠲᠤᠳᠬᠠᠵᠤ᠂ ᠦᠢᠯᠡᠳᠬᠦᠨ ᠤ ᠥᠷᠲᠡᠭ ᠢ ᠳᠡᠭᠡᠭᠰᠢᠯᠡᠭᠦᠯᠦᠨ᠂ ᠨᠠᠷᠠᠲᠤ ᠲᠥᠷᠥᠯ ᠲᠡᠮᠳᠡᠭ ᠢ ᠪᠣᠶ ᠪᠣᠯᠭᠠᠵᠤ᠂ ᠵᠠᠬ᠎ᠠ ᠳᠡᠯᠭᠡᠭᠦᠷ ᠢ ᠥᠷᠭᠡᠳᠬᠡᠨ᠂ ᠲᠣᠭᠲᠠᠭᠤᠨ ᠠᠵᠤ ᠠᠬᠤᠶᠢᠯᠠᠯ᠂ ᠲᠣᠰᠬᠤᠨ ᠤ ᠬᠠᠮᠳᠤ ᠶᠢᠨ ᠠᠵᠤ ᠠᠬᠤᠶ ᠪᠠ ᠶᠠᠳᠠᠭᠤ ᠬᠦᠴᠢᠷᠳᠡᠯᠲᠡᠶ ᠡᠷᠦᠬᠡ ᠶᠢᠨ ᠠᠰᠢᠭ ᠲᠤᠰᠠ ᠶᠢ ᠬᠤᠯᠪᠣᠬᠤ ᠲᠤᠬᠳᠠᠯᠴᠠᠭ᠎ᠠ ᠶᠢ ᠪᠠᠶᠢᠭᠤᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠥᠷᠭᠡᠨ ᠣᠯᠠᠨ ᠲᠦᠮᠡᠨ ᠳᠤ ᠬᠦᠷᠲᠡᠭᠡᠬᠦ ᠬᠡᠷᠡᠭᠲᠡᠶ ᠭᠡᠵᠦ ᠵᠣᠷᠢᠭᠵᠢᠭᠤᠯᠪᠠ᠃
     ᠡᠯ᠎ᠡ ᠰᠢᠶᠠᠩ ᠪᠠᠯᠭᠠᠰᠤᠨ ᠤ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢ ᠰᠤᠷᠪᠤᠯᠵᠢᠯᠠᠬᠤ ᠶᠠᠪᠤ‌‍ᠴᠠ ᠳᠤ᠂ ᠸᠠᠩ ᠵᠧᠨ ᠬᠠᠶ ᠡᠯ᠎ᠡ ᠭᠠᠵᠠᠷ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠬᠰᠠᠨ ᠪᠠᠶᠢᠳᠠᠯ ᠵᠢᠴᠢ ᠠᠵᠢᠯ ᠤᠨ ᠦᠷ᠎ᠡ ᠪᠦᠲᠦᠮᠵᠢ ᠶᠢ ᠨᠠᠷᠢᠨ ᠣᠶᠢᠯᠠᠭᠠᠵᠤ᠂ ᠣᠷᠣᠯᠭ᠎ᠠ ᠶᠢᠨ ᠪᠠᠶᠢᠳᠠᠯ ᠨᠢ ᠶᠠᠮᠠᠷ ᠵᠡᠷᠭᠡ᠂ ᠤᠤᠭᠤᠬᠤ ᠤᠰᠤᠨ ᠤ ᠠᠮᠤᠷ ᠲᠦᠪᠰᠢᠨ ᠲᠣᠭᠲᠠᠭᠤᠨ ᠪᠠᠶᠢᠬᠤ ᠡᠰᠡᠬᠦ᠂ ᠡᠪᠡᠳᠴᠢᠨ ᠦᠵᠡᠭᠦᠯᠬᠦ ᠳᠤ ᠡᠮ ᠬᠡᠷᠡᠭᠯᠡᠬᠦ ᠳᠤ ᠲᠥᠬᠦᠮ‌ᠡᠰᠡᠬᠦ᠂ ᠬᠠᠪᠰᠤᠷᠤᠨ ᠲᠡᠳᠬᠦᠬᠦ ᠠᠵᠢᠯ ᠦᠨᠡᠨ ᠪᠣᠳᠠᠲᠠᠶ ᠪᠠᠶᠢᠬᠤ ᠡᠰᠡᠬᠦ ᠵᠡᠷᠭᠡ ᠶᠢ ᠬᠦᠷᠤᠭ᠍ᠰᠡᠨ ᠭᠠᠵᠠᠷ ᠪᠦᠬᠦᠨ ᠳᠤ ᠤᠷᠤᠬᠰᠠᠨ ᠭᠡᠷ ᠪᠦᠷᠢ ᠳᠤ ᠴᠥᠮ ᠨᠠᠷᠢᠨ ᠣᠶᠢᠯᠠᠭᠠᠵᠤ ᠪᠠᠶᠢᠴᠠᠭᠠᠨ ᠯᠠᠪᠯᠠᠳᠠᠭ᠃ ᠸᠠᠩ ᠵᠧᠨ ᠬᠠᠢ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠬᠠᠮᠤᠭ ᠰᠡᠬᠦᠯ ᠤᠨ ᠬᠤᠭᠤᠴᠠᠭ᠎ᠠ ᠳᠤ ᠬᠦᠷᠬᠦ ᠲᠤᠳᠤᠮ᠂ ᠨᠠᠷᠢᠨ ᠵᠦᠢᠯᠡᠰ ᠤᠨ ᠲᠠᠯ᠎ᠠ ᠪᠠᠷ ᠤᠯᠠᠮ ᠬᠦᠴᠦ ᠣᠷᠣᠭᠤᠯᠬᠤ ᠬᠡᠷᠡᠭᠲᠡᠢ᠂ ᠡᠯ ᠎ᠡ ᠭᠠᠵᠠᠷ᠂ ᠡᠯ᠎ᠡ ᠱᠠᠲᠤᠨ ᠤ ᠶᠠᠳᠠᠭᠤ ᠶᠢ ᠲᠡᠳᠬᠦᠬᠦ ᠺᠠᠳ᠋ᠷ ᠡᠷᠬᠡᠪᠰᠢ ᠶᠠᠳᠠᠭᠤ ᠶᠢ ᠲᠡᠳᠬᠦᠬᠦ ᠠᠵᠢᠯ ᠤᠨ ᠨᠠᠷᠢᠨ ᠵᠦᠢᠯ ᠨᠢᠭᠡᠪᠦᠷᠢ ᠶᠢ ᠴᠥᠮ ᠪᠣᠳᠠᠲᠠᠢ ᠪᠥᠭᠡᠳ ᠤᠨᠢᠨ ᠳᠡᠭᠡᠷ᠎ᠡ ᠨᠢ ᠬᠢᠬᠦ ᠬᠡᠷᠡᠭᠲᠡᠢ᠂ ᠶᠠᠭᠠᠬᠢᠭᠰᠠᠨ ᠴᠤ ᠬᠠᠰᠢ ᠶᠠᠰᠢ ᠪᠠᠶᠢᠵᠤ ᠪᠣᠯᠬᠤ ᠦᠭᠡᠢ ᠬᠡᠵᠦ ᠴᠢᠬᠤᠯᠠᠴᠢᠯᠠᠪᠠ᠃
     ᠪᠠᠶᠢᠴᠠᠭᠠᠨ ᠰᠤᠳᠤᠯᠤᠯᠲᠠ ᠬᠢᠬᠦ ᠳᠤᠮᠳᠠ ᠸᠠᠩ ᠵᠧᠨ ᠬᠠᠶ᠄ ᠡᠯ᠎ᠡ ᠭᠠᠵᠠᠷ ᠤᠨ ᠬᠢᠨ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠬᠦ ᠶᠠᠪᠤᠴᠠ ᠳᠤ ᠠᠵᠢᠯ ᠤᠨ ᠰᠡᠳᠬᠢᠮᠵᠢ ᠪᠠᠨ ᠤᠯᠠᠮ ᠨᠢᠭᠡ ᠠᠯᠬᠤᠮ ᠰᠢᠨ᠎ᠡ ᠶᠢ ᠡᠭᠦᠳᠴᠦ᠂ ᠡᠯ᠎ᠡ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠶ ᠪᠠ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠬᠥᠭᠵᠢᠯᠲᠡ᠂ ᠡᠵᠡᠩᠨᠡᠯᠲᠡ ᠶᠢᠨ ᠵᠠᠭᠪᠤᠷ ᠢ ᠨᠡᠬᠡᠬᠡᠵᠦ᠂ ᠲᠣᠰᠬᠤᠨ ᠤ ᠬᠠᠮᠲᠤ ᠶᠢᠨ ᠠᠵᠤ ᠠᠬᠤᠶ ᠪᠠ ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠵᠢᠱᠢᠭᠰᠡᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠦᠨᠳᠦᠰᠦᠨ ᠱᠠᠲᠤᠨ ᠤ ᠤᠯᠠᠨ ᠲᠦᠮᠡᠨ ᠤ ᠤᠤᠭᠤᠬᠤ ᠤᠰᠤᠨ ᠤ ᠠᠶᠤᠯᠭᠦᠶ ᠢᠨᠵᠧᠨᠧᠷᠢᠩ ᠢ ᠦᠨᠡᠨ ᠬᠦ ᠰᠠᠶᠢᠲᠤᠷ ᠬᠡᠷᠡᠭᠵᠢᠬᠦᠯᠵᠦ᠂ ᠬᠤᠯᠪᠣᠭᠳᠠᠯ ᠪᠦᠬᠦᠢ ᠪᠠᠶᠢᠭᠤᠯᠭ᠎ᠠ ᠰᠠᠯᠠᠭ᠎ᠠ ᠮᠥᠴᠢᠷ ᠤᠳ ᠢᠳᠡᠪᠬᠢᠲᠡᠶ ᠬᠥᠳᠡᠯᠦᠯᠴᠡᠵᠦ᠂ ᠲᠦᠷᠭᠡᠬᠡᠨ  ᠲᠦᠯᠦᠪᠵᠢᠭᠦᠯᠦᠨ᠂ ᠪᠠᠷᠢᠯᠭ᠎ᠠ ᠪᠠᠷᠢᠵᠤ᠂ ᠬᠠᠮᠤᠭ ᠤᠨ ᠣᠬᠤᠷ ᠴᠠᠭ ᠢᠶᠠᠷ ᠤᠰᠤ ᠳᠤᠲᠠᠭᠳᠠᠵᠤ ᠪᠠᠶᠢᠭ᠎ᠠ ᠤᠯᠠᠨ ᠲᠦᠮᠡᠨ ᠢ ᠬᠠᠪᠰᠦᠷᠦᠨ ᠬᠥᠮᠦᠨ ᠮᠠᠯ ᠤᠨ ᠤᠤᠭᠤᠬᠤ ᠤᠰᠤᠨ ᠤ ᠬᠦᠴᠢᠷ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠵᠦ᠂ ᠲᠡᠳᠡᠨ ᠳᠤ ᠡᠷᠡᠭᠦᠯ ᠪᠥᠭᠡᠳ ᠠᠮᠤᠷ ᠲᠦᠪᠰᠢᠨ ᠤᠤᠭᠤᠬᠤ ᠤᠰᠤ ᠬᠡᠷᠡᠭᠯᠡᠭᠦᠯᠬᠦ ᠪᠠᠷ ᠴᠢᠷᠮᠠᠶᠢᠬᠤ ᠬᠡᠷᠡᠭᠲᠡᠶ︔ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠶᠠᠳᠠᠭᠤ ᠬᠦᠴᠢᠷᠳᠡᠯᠳᠡᠢ ᠡᠷᠦᠬᠡ ᠶᠢᠨ ᠡᠮ ᠬᠡᠷᠡᠭᠯᠡᠵᠦ ᠡᠪᠡᠳᠴᠢᠨ ᠦᠵᠡᠭᠦᠯᠬᠦ᠂ ᠡᠮ ᠡᠮᠨᠡᠯᠭᠡ ᠶᠢᠨ ᠲᠠᠩᠰᠠ ᠲᠠᠶᠢᠯᠬᠤ ᠳᠡᠭᠡᠷ᠎ᠡ ᠬᠦᠴᠦ ᠲᠠᠯᠪᠢᠵᠤ᠂ ᠲᠡᠳᠡᠨ ᠤ ᠬᠤᠳᠠᠯᠳᠤᠨ ᠠᠪᠤᠭᠰᠠᠨ ᠡᠮ᠂ ᠡᠪᠡᠳᠴᠢᠨ ᠦᠵᠡᠭᠦᠯᠦᠭᠰᠡᠨ ᠡᠰᠡᠬᠦ ᠶᠢ ᠦᠨᠡᠨ ᠬᠦ ᠪᠠᠲᠤᠯᠠᠵᠤ᠂ ᠡᠷᠡᠭᠦᠯ ᠮᠡᠨᠳᠦ ᠪᠠᠷ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠬᠡᠷᠡᠭᠲᠡᠶ︔ ᠲᠠᠩᠰᠠ ᠪᠠ ᠺᠠᠷᠲ ᠲᠠᠢ ᠶᠠᠳᠠᠭᠤ ᠬᠦᠴᠢᠷᠳᠡᠯᠲᠡᠶ ᠡᠷᠦᠬᠡ ᠶᠢᠨ ᠲᠣᠳᠣᠷᠬᠠᠶ ᠺᠠᠷᠲ ᠳᠡᠭᠡᠷ᠎ᠡ ᠲᠡᠮᠳᠡᠭᠯᠡᠭᠰᠡᠨ ᠠᠭᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠶᠠᠳᠠᠭᠤ ᠬᠦᠴᠢᠷᠳᠡᠯᠲᠡᠶ ᠡᠷᠦᠬᠡ ᠨᠢᠬᠡᠪᠦᠷᠢ ᠶᠢᠨ ᠣᠷᠣᠯᠭ᠎ᠠ ᠪᠣᠯᠤᠨ ᠵᠠᠷᠤᠯᠭ᠎ᠠ ᠶᠢ ᠬᠢᠨᠠᠮᠠᠭᠠᠶ ᠨᠠᠷᠢᠨ ᠨᠢᠮᠪᠠᠶ ᠲᠣᠭᠠᠴᠠᠭ᠎ᠠ ᠬᠢᠵᠦ᠂ ᠲᠡᠮᠳᠡᠭᠯᠡᠯ ᠤᠨ ᠠᠭᠤᠯᠭ᠎ᠠ ᠶᠢᠨ ᠵᠥᠪ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︔ ᠬᠥᠳᠡᠭᠡ ᠲᠣᠰᠬᠤᠨ ᠤ ᠣᠷᠴᠢᠨ ᠲᠣᠭᠤᠷᠢᠨ ᠤ ᠠᠷᠢᠭᠤᠨ ᠴᠡᠪᠡᠷ᠂ ᠬᠤᠭ ᠨᠣᠪᠰᠢ ᠶᠢ ᠴᠡᠪᠡᠷᠯᠡᠨ ᠵᠠᠰᠠᠬᠤ ᠠᠵᠢᠯ ᠢ ᠪᠦᠲᠦᠮᠵᠢᠲᠡᠶ ᠰᠠᠶᠢᠲᠤᠷ ᠬᠢᠵᠦ᠂ ᠴᠠᠭ ᠢ ᠠᠮᠵᠢᠨ ᠡᠯ᠎ᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠴᠠᠭ ᠲᠤᠬᠠᠶ ᠳᠤᠨᠢ ᠢᠯᠭᠠᠷᠠᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ᠂ ᠲᠣᠰᠬᠤᠨ ᠤ ᠳᠦᠷᠰᠦ ᠪᠠᠶᠢᠳᠠᠯ ᠤᠨ ᠠᠷᠢᠭᠤᠨ ᠴᠡᠪᠡᠷ ᠢ ᠪᠠᠲᠤᠯᠠᠵᠤ᠂ ᠲᠣᠰᠬᠤᠨ ᠤ ᠠᠷᠠᠳ ᠲᠤ ᠨᠢᠭᠡᠨ ᠲᠠᠭᠠᠯᠠᠮᠵᠢᠲᠠᠶ ᠠᠮᠢᠳᠤᠷᠠᠯ ᠦᠢᠯᠡᠳᠪᠦᠷᠢᠯᠡᠯ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠬᠡᠷᠡᠭᠲᠡᠶ ᠭᠡᠵᠦ ᠱᠠᠭᠠᠷᠳᠠᠪᠠ᠃                          ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3