| ᠮᠠᠨ ᠤ ᠬᠤᠲᠠ ᠶᠢᠨ ᠠᠮᠢᠳᠤᠷᠠᠯ ᠤᠨ ᠴᠢᠬᠤᠯᠠ ᠬᠡᠷᠡᠭᠴᠡᠭᠡᠨ ᠤ ᠡᠳ᠋ ᠤᠨ ᠵᠠᠬ᠎ᠠ ᠳᠡᠯᠭᠡᠭᠦᠷ ᠤᠨ ᠬᠢᠨᠠᠨ | ᠬᠡᠮᠵᠢᠯᠳᠡ ᠶᠢᠨ ᠰᠢᠰᠲ᠋ᠧᠮ ᠠᠴᠠ ᠦᠵᠡᠪᠡᠯ᠂ ᠬᠢᠨᠠᠨ ᠬᠡᠮᠵᠢᠭᠰᠡᠨ 32 ᠵᠦᠢᠯ ᠤᠨ ᠠᠮᠢᠳᠤᠷᠠᠯ ᠤᠨ ᠴᠢᠬᠤᠯᠠ | ᠬᠡᠷᠡᠭᠴᠡᠭᠡᠨ ᠤ ᠵᠦᠢᠯ ᠤᠨ ᠳᠣᠲᠣᠷ᠎ᠠ᠂ 22 ᠲᠡᠭᠰᠢ ᠳᠥᠷᠪᠡᠯᠵᠢᠨ 3 ᠢᠶᠠᠷ ᠥᠰᠴᠦ 7 ᠪᠠᠷ ᠪᠠᠭᠤᠷᠠᠵᠤ᠂ ᠲᠣᠰ | ᠲᠣᠰ 68.75%᠂ 9.375%᠂ 21.875% ᠶᠢ ᠡᠵᠡᠯᠡᠪᠡ᠃ ᠶᠡᠷᠦᠩᠬᠡᠶ ᠦᠨ᠎ᠡ ᠬᠠᠩᠰᠢ ᠶᠢ ᠲᠣᠭᠲᠠᠭᠤᠨ | ᠪᠠᠶᠢᠳᠠᠯ ᠲᠠᠢ᠃ ᠪᠣᠳᠠᠲᠠᠶ ᠬᠢᠨᠠᠨ ᠬᠡᠮᠵᠢᠭᠰᠡᠨ ᠪᠠᠶᠢᠳᠠᠯ ᠳᠣᠤᠷᠠᠬᠢ ᠮᠡᠲᠦ᠄ | ᠨᠢᠭᠡ᠂ ᠠᠮᠤ ᠲᠣᠰᠣᠨ ᠤ ᠲᠥᠷᠥᠯ ᠤᠨ ᠵᠢᠵᠢᠭᠯᠡᠨ ᠬᠤᠳᠠᠯᠳᠤᠬᠤ ᠦᠨ᠎ᠡ ᠲᠣᠭᠲᠠᠭᠤᠨ ᠢᠶᠠᠷ ᠪᠠᠭᠤᠷᠠᠪᠠ᠃ | ᠴᠠᠭᠠᠨ ᠭᠤᠯᠢᠷ ᠤᠨ ᠵᠢᠵᠢᠭᠯᠡᠨ ᠬᠤᠳᠠᠯᠳᠤᠬᠤ ᠦᠨ᠎ᠡ ᠨᠢ ᠺᠢᠯᠣᠭ᠍ᠷᠠᠮ ᠪᠦᠷᠢ ᠳᠡᠭᠡᠨ 6 ᠲᠥᠭᠦᠷᠢᠭ ᠪᠠᠶᠢᠵᠤ᠂ 9% | ᠪᠠᠷ ᠪᠠᠭᠤᠷᠠᠪᠠ︔ ᠲᠤᠲᠤᠷᠭ᠎ᠠ ᠶᠢᠨ ᠵᠢᠵᠢᠭᠯᠡᠨ ᠬᠤᠳᠠᠯᠳᠤᠬᠤ ᠦᠨ᠎ᠡ ᠨᠢ ᠺᠢᠯᠣᠭ᠍ᠷᠠᠮ ᠪᠦᠷᠢ ᠳᠡᠭᠡᠨ 7 ᠲᠥᠭᠦᠷᠢᠭ᠂ | ᠰᠢᠷ᠎ᠠ ᠪᠤᠷᠴᠠᠭ ᠤᠨ ᠲᠣᠰᠣ᠂ ᠬᠤᠮᠠ ᠶᠢᠨ ᠲᠣᠰᠣᠨ ᠤ ᠵᠢᠵᠢᠭᠯᠡᠨ ᠬᠤᠳᠠᠯᠳᠤᠬᠤ ᠦᠨ᠎ᠡ ᠨᠢ ᠲᠣᠰ ᠲᠣᠰ 11 | ᠲᠥᠭᠦᠷᠢᠭ / ᠺᠢᠯᠣᠭ᠍ᠷᠠᠮ᠂ 20 ᠲᠥᠭᠦᠷᠢᠭ / ᠺᠢᠯᠣᠭ᠍ᠷᠠᠮ ᠪᠠᠶᠢᠵᠦ᠂ ᠬᠠᠷᠢᠴᠠᠭᠤᠯᠤᠭᠰᠠᠨ ᠬᠡᠮᠵᠢᠶ᠎ᠡ ᠲᠠᠢ ᠠᠳᠠᠯᠢ᠃ | ᠵᠢᠱᠢᠯᠲᠡ ᠪᠠᠷ ᠰᠡᠭᠦᠯᠴᠢ ᠶᠢᠨ ᠬᠤᠭᠤᠴᠠᠭᠠᠨ ᠳᠤ ᠮᠠᠨ ᠤ ᠬᠤᠲᠠ ᠶᠢᠨ ᠠᠮᠤ ᠲᠣᠰᠣᠨ ᠤ ᠲᠥᠷᠥᠯ ᠤᠨ ᠵᠢᠵᠢᠭᠯᠡᠨ | ᠬᠤᠳᠠᠯᠳᠤᠬᠤ ᠦᠨ᠎ᠡ ᠬᠠᠩᠰᠢ ᠵᠦᠶ ᠵᠣᠬᠢᠰᠲᠠᠶ ᠣᠷᠣᠨ ᠵᠠᠶ ᠳᠤ ᠪᠠᠭ᠎ᠠ ᠬᠡᠮᠵᠢᠶ᠎ᠡ ᠪᠠᠷ ᠬᠡᠯᠪᠡᠯᠵᠡᠬᠦ ᠪᠣᠯᠤᠨ᠎ᠠ᠃ | ᠬᠤᠶᠠᠷ᠂ ᠮᠢᠬᠠᠨ ᠤ ᠵᠦᠢᠯ ᠤᠨ ᠵᠢᠵᠢᠭᠯᠡᠨ ᠬᠤᠳᠠᠯᠳᠤᠬᠤ ᠦᠨ᠎ᠡ ᠬᠠᠩᠰᠢ ᠲᠣᠭᠲᠠᠭᠤᠨ ᠢᠶᠠᠷ ᠪᠠᠭᠤᠷᠠᠪᠠ᠃ | ᠦᠬᠡᠷ ᠤᠨ ᠮᠢᠬ᠎ᠠ᠂ ᠬᠤᠨᠢᠨ ᠮᠢᠬᠠᠨ ᠤ ᠵᠢᠵᠢᠭᠯᠡᠨ ᠬᠤᠳᠠᠯᠳᠤᠬᠤ ᠦᠨ᠎ᠡ ᠬᠠᠩᠰᠢ ᠨᠢ ᠲᠣᠰ ᠲᠣᠰ᠄ 72 | ᠲᠥᠭᠦᠷᠢᠭ / ᠺᠢᠯᠣᠭ᠍ᠷᠠᠮ᠂ 60 ᠲᠥᠭᠦᠷᠢᠭ / ᠺᠢᠯᠣᠭ᠍ᠷᠠᠮ᠂ ᠬᠠᠷᠢᠴᠠᠭᠤᠯᠤᠭᠰᠠᠨ ᠬᠡᠮᠵᠢᠶ᠎ᠡ ᠲᠠᠢ ᠠᠳᠠᠯᠢ︔ | ᠭᠠᠭ᠋ᠠᠶ ᠶᠢᠨ ᠮᠢᠬᠠᠨ ᠤ ᠵᠢᠵᠢᠭᠯᠡᠨ ᠬᠤᠳᠠᠯᠳᠤᠬᠤ ᠦᠨ᠎ᠡ ᠺᠢᠯᠣᠭ᠍ᠷᠠᠮ ᠪᠦᠷᠢ 52 ᠲᠥᠭᠦᠷᠢᠭ ᠪᠠᠶᠢᠵᠤ᠂ 3.7% ᠪᠠᠷ | ᠪᠠᠭᠤᠷᠠᠪᠠ᠃ ᠵᠢᠱᠢᠯᠲᠡ ᠪᠠᠷ ᠰᠡᠭᠦᠯᠴᠢ ᠶᠢᠨ ᠬᠤᠭᠤᠴᠠᠭᠠᠨ ᠳᠤ ᠮᠠᠨ ᠤ ᠬᠤᠲᠠ ᠶᠢᠨ ᠮᠢᠬᠠᠨ ᠤ ᠵᠦᠢᠯ ᠤᠨ | ᠵᠢᠵᠢᠭᠯᠡᠨ ᠬᠤᠳᠠᠯᠳᠤᠬᠤ ᠦᠨ᠎ᠡ ᠬᠠᠩᠰᠢ ᠵᠦᠶ ᠵᠣᠬᠢᠰᠲᠠᠶ ᠣᠷᠣᠨ ᠵᠠᠶ ᠳᠤ ᠪᠠᠭ᠎ᠠ ᠬᠡᠮᠵᠢᠶ᠎ᠡ ᠪᠠᠷ ᠬᠡᠯᠪᠡᠯᠵᠡᠬᠦ | ᠪᠣᠯᠤᠨ᠎ᠠ᠃ | ᠭᠤᠷᠪᠠ᠂ ᠵᠢᠭᠦᠷᠲᠡᠨ ᠤ ᠥᠨᠳᠡᠭᠡ ᠶᠢᠨ ᠲᠥᠷᠥᠯ ᠤᠨ ᠵᠢᠵᠢᠭᠯᠡᠨ ᠬᠤᠳᠠᠯᠳᠤᠬᠤ ᠦᠨ᠎ᠡ ᠬᠠᠩᠰᠢ ᠲᠣᠭᠲᠠᠭᠤᠨ᠃ | ᠴᠠᠭᠠᠨ ᠮᠢᠬᠠᠨ ᠤ ᠲᠠᠬᠢᠶ᠎ᠠ ᠶᠢᠨ ᠵᠢᠵᠢᠭᠯᠡᠨ ᠬᠤᠳᠠᠯᠳᠤᠬᠤ ᠦᠨ᠎ᠡ ᠨᠢ ᠺᠢᠯᠣᠭ᠍ᠷᠠᠮ ᠪᠦᠷᠢ ᠳᠡᠭᠡᠨ 16 ᠲᠥᠭᠦᠷᠢᠭ᠂ | ᠬᠠᠷᠢᠴᠠᠭᠤᠯᠤᠭᠰᠠᠨ ᠬᠡᠮᠵᠢᠶ᠎ᠡ ᠲᠠᠢ ᠠᠳᠠᠯᠢ︔ ᠲᠠᠬᠢᠶᠠᠨ ᠥᠨᠳᠡᠭᠡ ᠶᠢᠨ ᠵᠢᠵᠢᠭᠯᠡᠨ ᠬᠤᠳᠠᠯᠳᠤᠬᠤ ᠦᠨ᠎ᠡ ᠨᠢ | ᠺᠢᠯᠣᠭ᠍ᠷᠠᠮ ᠪᠦᠷᠢ ᠳᠡᠭᠡᠨ 7 ᠲᠥᠭᠦᠷᠢᠭ ᠪᠠᠶᠢᠵᠤ᠂ ᠬᠠᠷᠢᠴᠠᠭᠤᠯᠤᠭᠰᠠᠨ ᠬᠡᠮᠵᠢᠶ᠎ᠡ ᠲᠠᠢ ᠠᠳᠠᠯᠢ᠃ ᠵᠢᠱᠢᠯᠲᠡ ᠪᠠᠷ | ᠰᠡᠭᠦᠯᠴᠢ ᠶᠢᠨ ᠬᠤᠭᠤᠴᠠᠭᠠᠨ ᠳᠤ ᠵᠢᠭᠦᠷᠲᠡᠨ ᠤ ᠥᠨᠳᠡᠭᠡ ᠶᠢᠨ ᠲᠥᠷᠥᠯ ᠤᠨ ᠵᠠᠬ᠎ᠠ ᠳᠡᠯᠭᠡᠭᠦᠷ ᠤᠨ ᠤᠳᠤᠬᠠᠨ ᠤ | ᠦᠨ᠎ᠡ ᠳᠡᠭᠡᠭᠰᠢ ᠳᠣᠷᠣᠭᠰᠢ ᠬᠡᠯᠪᠡᠯᠵᠡᠵᠦ᠂ ᠥᠰᠥᠯᠲᠡ ᠪᠠᠭᠤᠷᠠᠯᠲᠠ ᠶᠢᠨ ᠬᠡᠮᠵᠢᠶ᠎ᠡ ᠶᠡᠭᠡ ᠪᠢᠰᠢ ᠪᠣᠯᠤᠨ᠎ᠠ᠃ | ᠲᠦᠷᠪᠡ᠂ ᠵᠢᠮᠢᠰ ᠤᠨ ᠲᠥᠷᠥᠯ ᠤᠨ ᠵᠢᠵᠢᠭᠯᠡᠨ ᠬᠤᠳᠠᠯᠳᠤᠬᠤ ᠦᠨ᠎ᠡ ᠶᠢ ᠲᠣᠭᠲᠠᠪᠤᠷᠢᠵᠢᠭᠤᠯᠬᠤ ᠪᠠᠷ ᠭᠤᠤᠯ | ᠪᠤᠯᠭᠠᠨ᠎ᠠ᠃ ᠬᠠᠨ ᠪᠣᠷᠭᠤᠴᠠᠶ᠂ ᠬᠠᠮᠢᠯ ᠬᠡᠮᠬᠡ᠂ ᠪᠡᠷᠴᠢᠭᠢᠷ ᠯᠣᠤ ᠶᠢᠨ ᠨᠢᠳᠤᠨᠤᠨ ᠤ ᠪᠠᠯ ᠤᠨ ᠵᠢᠵᠢᠭᠯᠡᠨ | ᠬᠤᠳᠠᠯᠳᠤᠬᠤ ᠦᠨ᠎ᠡ ᠨᠢ ᠲᠤᠰ ᠲᠤᠰ ᠺᠢᠯᠣᠭ᠍ᠷᠠᠮ ᠪᠦᠷᠢ ᠳᠡᠭᠡᠨ 10 ᠲᠥᠭᠦᠷᠢᠭ᠂ 10 ᠲᠥᠭᠦᠷᠢᠭ᠂ 40 | ᠲᠦᠬᠦᠷᠢᠭ ᠪᠠᠶᠢᠵᠦ᠂ ᠬᠠᠷᠢᠴᠠᠭᠤᠯᠤᠭᠰᠠᠨ ᠬᠡᠮᠵᠢᠶ᠎ᠡ ᠲᠠᠢ ᠲᠡᠩᠴᠡᠭᠦᠤ ᠪᠠᠶᠢᠳᠠᠯ ᠲᠠᠢ︔ ᠲᠤᠭᠤᠷ ᠤᠨ ᠵᠢᠵᠢᠭᠯᠡᠨ | ᠬᠤᠳᠠᠯᠳᠤᠬᠤ ᠦᠨ᠎ᠡ ᠺᠢᠯᠣᠭ᠍ᠷᠠᠮ ᠪᠦᠷᠢ 15 ᠲᠥᠭᠦᠷᠢᠭ ᠪᠠᠶᠢᠵᠤ᠂ 7.1% ᠪᠠᠷ ᠥᠰᠴᠡᠶ︔ ᠢᠩᠲᠣᠣᠷ ᠤᠨ | ᠵᠢᠵᠢᠭᠯᠡᠨ ᠬᠤᠳᠠᠯᠳᠤᠬᠤ ᠦᠨ᠎ᠡ ᠨᠢ ᠺᠢᠯᠣᠭ᠍ᠷᠠᠮ ᠪᠦᠷᠢ 30 ᠲᠥᠭᠦᠷᠢᠭ ᠪᠠᠶᠢᠵᠦ᠂ 25% ᠪᠠᠷ ᠪᠠᠭᠤᠷᠠᠪᠠ᠃ | ᠵᠢᠱᠢᠯᠲᠡ ᠪᠠᠷ ᠰᠡᠭᠦᠯᠴᠢ ᠶᠢᠨ ᠬᠤᠭᠤᠴᠠᠭᠠᠨ ᠤ ᠵᠢᠮᠢᠰ ᠤᠨ ᠲᠥᠷᠥᠯ ᠤᠨ ᠵᠠᠬ᠎ᠠ ᠳᠡᠯᠭᠡᠭᠦᠷ ᠶᠢᠨ ᠦᠨ᠎ᠡ ᠳᠡᠭᠡᠭᠰᠢ | ᠳᠣᠷᠣᠭᠰᠢ ᠬᠡᠯᠪᠡᠯᠵᠡᠵᠦ᠂ ᠥᠰᠥᠯᠲᠡ ᠪᠠᠭᠤᠷᠠᠯᠲᠠ ᠶᠢᠨ ᠬᠡᠮᠵᠢᠶ᠎ᠡ ᠶᠡᠭᠡ ᠪᠢᠰᠢ ᠪᠣᠯᠤᠨ᠎ᠠ᠃ | ᠲᠠᠪᠤ᠂ ᠢᠳᠡᠰᠢᠨ ᠨᠣᠭᠤᠭ᠎ᠠ ᠶᠢᠨ ᠵᠦᠢᠯ ᠤᠨ ᠵᠢᠵᠢᠭᠯᠡᠨ ᠬᠤᠳᠠᠯᠳᠤᠬᠤ ᠦᠨ᠎ᠡ ᠶᠢ ᠲᠣᠭᠲᠠᠪᠤᠷᠢᠵᠢᠭᠤᠯᠬᠤ ᠪᠠᠷ | ᠭᠤᠤᠯ ᠪᠣᠯᠭᠠᠨ᠎ᠠ᠃ ᠡᠭᠦᠨ ᠤ ᠳᠣᠲᠣᠷ᠎ᠠ ᠪᠤᠷᠴᠠᠭ᠂ ᠰᠠᠷᠢᠮᠰᠠᠭ᠂ ᠰᠢᠷ᠎ᠠ ᠯᠤᠤᠪᠠᠩ᠂ ᠪᠤᠷᠴᠠᠭ ᠤᠨ ᠴᠢᠴᠢᠭᠡᠰᠦ᠂ | ᠲᠥᠮᠥᠰᠥ᠂ ᠬᠠᠰᠢ᠂ ᠲᠦᠭᠦᠬᠡᠶ ᠭᠠ᠂ ᠰᠢᠯᠢᠮᠳᠡᠭ᠂ ᠴᠤᠭᠤᠷ ᠨᠣᠭᠤᠭ᠎ᠠ᠂ ᠲᠥᠪᠡᠳ ᠬᠠᠰᠢ᠂ ᠥᠷᠭᠡᠰᠦᠲᠦ ᠬᠡᠮᠬᠡ᠂ | ᠰᠣᠩᠭᠢᠨ᠎ᠠ ᠪᠦᠷ ᠳᠡᠭᠡᠷ᠎ᠡ ᠭᠠᠷᠠᠭ ᠲᠠᠢ ᠲᠡᠩᠴᠡᠵᠦ᠂ ᠥᠰᠥᠯᠲᠡ ᠨᠢ 3 ᠲᠥᠭᠦᠷᠢᠭ / ᠺᠢᠯᠣᠭ᠍ᠷᠠᠮ ︵+ 15.3% | ︶᠂ ᠣᠷᠣᠰ ᠰᠣᠩᠭᠢᠨ᠎ᠠ 3 ᠲᠥᠭᠦᠷᠢᠭ / ᠺᠢᠯᠣᠭ᠍ᠷᠠᠮ ︵+ 15.3%︶ ᠪᠣᠯᠤᠨ᠎ᠠ︔ ᠪᠠᠭᠤᠷᠠᠭᠰᠠᠨ ᠨᠢ᠄ ᠴᠠᠭᠠᠨ | ᠯᠤᠤᠪᠠᠩ 2 ᠲᠥᠭᠦᠷᠢᠭ / ᠺᠢᠯᠣᠭ᠍ᠷᠠᠮ ︵-23%︶᠂ ᠯᠠᠵᠤᠤ 10 ᠲᠥᠭᠦᠷᠢᠭ / ᠺᠢᠯᠣᠭ᠍ᠷᠠᠮ ︵-16.6%︶᠂ | ᠥᠷᠭᠡᠰᠦᠲᠦ ᠨᠣᠭᠤᠭ᠎ᠠ 5 ᠲᠥᠭᠦᠷᠢᠭ / ᠺᠢᠯᠣᠭ᠍ᠷᠠᠮ ︵-58.3%︶᠂ ᠭᠤᠭᠤᠳ 6 ᠲᠥᠭᠦᠷᠢᠭ / ᠺᠢᠯᠣᠭ᠍ᠷᠠᠮ ︵ | -40%︶ ᠪᠣᠯᠤᠨ᠎ᠠ᠃ ᠵᠢᠱᠢᠯᠲᠡ ᠪᠠᠷ ᠰᠡᠭᠦᠯᠴᠢ ᠶᠢᠨ ᠬᠤᠭᠤᠴᠠᠭᠠᠨ ᠳᠤ᠂ ᠮᠠᠨ ᠤ ᠬᠤᠲᠠ ᠶᠢᠨ ᠢᠳᠡᠰᠢᠨ | ᠨᠣᠭᠤᠭ᠎ᠠ ᠶᠢᠨ ᠵᠠᠬ᠎ᠠ ᠲᠡᠯᠭᠡᠭᠦᠷ ᠤᠨ ᠦᠨ᠎ᠡ ᠬᠠᠩᠰᠢ ᠵᠦᠶ ᠵᠣᠬᠢᠰᠲᠠᠶ ᠣᠷᠣᠨ ᠵᠠᠶ ᠳᠤ ᠪᠠᠭ᠎ᠠ ᠬᠡᠮᠵᠢᠶ᠎ᠡ ᠪᠠᠷ | ᠬᠡᠯᠪᠡᠯᠵᠡᠬᠦ ᠪᠣᠯᠤᠨ᠎ᠠ᠃ | ᠤᠷᠴᠢᠭᠤᠯᠤᠬᠴᠢ᠄ ᠼᠦᠢ ᠶᠢᠩ |