ᠹᠧᠩᠵᠧᠨ ᠬᠤᠲᠠ ᠶᠢᠨ ᠠᠷᠠᠳ ᠤᠨ ᠰᠢᠭᠦᠬᠦ ᠬᠤᠷᠢᠶ᠎ᠠ ᠪᠦᠬᠦ ᠬᠤᠷᠢᠶᠠᠨ ᠤ ᠺᠠᠳ᠋ᠷ ᠴᠠᠭᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠢᠪᠡ
ᠨᠡᠶᠢᠲᠡᠯᠡᠭᠰᠡᠨ ᠴᠠᠭ᠄
2020-04-02
    3 ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠹᠧᠩᠵᠧᠨ ᠬᠤᠲᠠ ᠶᠢᠨ ᠠᠷᠠᠳ ᠤᠨ ᠰᠢᠭᠦᠬᠦ ᠬᠤᠷᠢᠶ᠎ᠠ ᠰᠤᠷᠤᠯᠴᠠᠬᠤ ᠬᠤᠷᠠᠯ ᠬᠤᠷᠠᠯᠳᠤᠭᠤᠯᠪᠠ᠃ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠡᠤ ᠳ᠋ᠡ ᠰᠢ ᠬᠤᠷᠠᠯ ᠢ ᠡᠷᠬᠢᠯᠡᠵᠦ᠂ ᠶᠡᠷᠤᠩᠭᠡᠶᠢᠯᠡᠭᠰᠡᠨ ᠠᠯᠪᠠᠨ ᠭᠡᠷ ᠤᠨ ᠡᠷᠬᠢᠯᠡᠭᠴᠢ ᠷᠧᠨ ᠰᠢᠶᠤᠤ ᠳ᠋ᠦᠩ ᠰᠤᠷᠤᠯᠴᠠᠯᠭ᠎ᠠ ᠶᠢ ᠡᠷᠬᠢᠯᠡᠵᠦ᠂ ᠪᠦᠬᠦ ᠺᠠᠳ᠋ᠷ ᠴᠠᠬᠳᠠᠭ᠎ᠠ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠡᠷᠬᠢᠯᠡᠭᠴᠢ ᠷᠧᠨ ᠰᠢᠶᠤᠤ ᠳ᠋ᠦᠩ ᠠᠷᠠᠳ ᠤᠨ ᠰᠢᠭᠦᠬᠦ ᠲᠢᠩᠬᠢᠮ ᠤᠨ ᠰᠦᠯᠵᠢᠶᠡᠨ ᠳᠡᠭᠡᠷ᠎ᠡ ᠬᠠᠮᠠᠭᠠᠯᠠᠨ ᠬᠠᠳᠠᠭᠠᠯᠠᠬᠤ ᠰᠢᠰᠲ᠋ᠧᠮ ᠤᠨ ᠬᠡᠷᠡᠭᠯᠡᠯᠲᠡ ᠶᠢ ᠳᠡᠯᠭᠡᠷᠡᠭᠦᠯᠦᠨ ᠬᠡᠷᠡᠭᠯᠡᠬᠦ ᠲᠤᠬᠠᠶ ᠠᠷᠠᠳ ᠤᠨ ᠳᠡᠭᠡᠳᠦ ᠰᠢᠭᠦᠬᠦ ᠬᠤᠷᠢᠶᠠᠨ ᠤ ᠮᠡᠳᠡᠭᠳᠡᠯ ᠤᠨ ᠵᠣᠷᠢᠭ ᠰᠠᠨᠠᠭ᠎ᠠ᠂ ᠹᠧᠩᠵᠧᠨ ᠬᠤᠲᠠ ᠶᠢᠨ ᠣᠶᠤᠨ ᠤ ᠪᠣᠯᠪᠠᠰᠤᠨ ᠤ ᠠᠯᠪᠠᠨ ᠬᠡᠷ ᠤᠨ ᠰᠢᠨ᠎ᠡ ᠨᠢᠭᠡ ᠬᠤᠭᠤᠴᠠᠭᠠᠨ ᠤ ᠪᠥᠬᠦ ᠬᠤᠲᠠ ᠶᠢᠨ ︽ᠪᠣᠯᠪᠠᠰᠤᠨ ᠬᠡᠷ ᠪᠦᠯᠢ︾ ᠶᠢ ᠰᠢᠯᠭᠠᠷᠠᠭᠤᠯᠤᠨ ᠬᠥᠬᠢᠭᠦᠯᠬᠦ ᠲᠤᠬᠠᠶ ᠮᠡᠳᠡᠭᠳᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠷᠢᠶᠠᠨ ᠤ ᠭᠤᠷᠪᠠᠨ ᠲᠤᠰᠠᠯᠠᠬᠤ ᠴᠠᠭᠳᠠᠭ᠎ᠠ ᠶᠢᠨ ᠠᠵᠢᠯᠲᠠᠨ ᠤ ᠵᠠᠷᠯᠠᠨ ᠰᠢᠭᠦᠮᠵᠢᠯᠡᠬᠦ ᠲᠤᠬᠠᠶ ᠲᠣᠭᠲᠠᠭᠠᠯ ᠢ ᠵᠠᠷᠯᠠᠨ ᠮᠡᠳᠡᠭᠳᠡᠭᠰᠡᠨ ᠪᠥᠭᠡᠳ ︽ᠠᠷᠠᠳ ᠤᠨ ᠰᠢᠭᠦᠬᠦ ᠬᠤᠷᠢᠶ᠎ᠠ ᠰᠣᠨᠢᠨ︾ ᠤ ᠣᠨᠣᠯ ᠤᠨ ᠵᠣᠬᠢᠶᠠᠯ ︽ᠬᠢᠵᠢᠭ ᠤᠨ ᠪᠠᠶᠢᠳᠠᠯ ᠢ ᠬᠤᠷᠢᠭᠯᠠᠨ ᠴᠣᠬᠢᠬᠤ ᠪᠠᠶᠢᠯᠳᠤᠭᠠᠨ᠂ ᠤᠶᠤᠨᠲᠤ ᠰᠢᠭᠦᠬᠦ ᠬᠤᠷᠢᠶᠠᠨ ᠤ ᠢᠯᠡ ᠬᠦᠴᠦᠨ︾᠂ ︽ᠭᠤᠸᠠᠩ ᠮᠢᠩ ᠡᠳᠦᠷ ᠤᠨ ᠰᠣᠨᠢᠨ︾ ᠤ ᠣᠨᠣᠯ ᠤᠨ ᠵᠣᠬᠢᠶᠠᠯ ︽ᠳᠤᠮᠳᠠᠳᠤ ᠤᠯᠤᠰ ᠤᠨ ᠡᠪ ᠬᠠᠮᠲᠤ ᠨᠠᠮ ᠪᠣᠯ ᠡᠬᠡ ᠣᠷᠣᠨᠴᠢ ᠦᠵᠡᠯ ᠤᠨ ᠵᠣᠷᠢᠭ ᠰᠠᠨᠠᠭᠠᠨ ᠤ ᠬᠠᠮᠤᠭ ᠤᠨ ᠡᠷᠡᠰ ᠪᠠᠲᠤ ᠪᠠᠳᠠᠷᠠᠭᠤᠯᠤᠭᠴᠢ ᠪᠠ ᠦᠢᠯᠡᠳᠦᠯᠬᠡᠵᠢᠬᠦᠯᠦᠭᠴᠢ︾ ᠵᠡᠷᠭᠡ ᠶᠢ ᠰᠤᠷᠤᠯᠴᠠᠪᠠ᠃     ᠬᠠᠮᠤᠭ ᠰᠡᠭᠦᠯ ᠳᠤ᠂ ᠡᠦ ᠳ᠋ᠡ ᠰᠢ ᠬᠤᠷᠢᠶᠠᠨ ᠳᠠᠷᠤᠭ᠎ᠠ᠂ ᠪᠦᠬᠦ ᠬᠤᠷᠢᠶᠠᠨ ᠤ ᠺᠠᠳ᠋ᠷ ᠴᠠᠭᠳᠠᠭ᠎ᠠ ᠤᠯᠠᠮ ᠨᠢᠭᠡ ᠠᠯᠬᠤᠮ ᠦᠵᠡᠯ ᠰᠠᠨᠠᠭ᠎ᠠ ᠪᠠᠨ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠦᠨ ᠢᠶᠠᠨ ᠨᠢᠬᠳᠠᠷᠠᠭᠤᠯᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠪᠦᠬᠦ ᠬᠦᠷᠢᠶᠡᠯᠡᠩ ᠤᠨ ᠡᠯ᠎ᠡ ᠵᠦᠢᠯ ᠤᠨ ᠠᠵᠢᠯ ᠢᠶᠠᠨ ᠰᠠᠶᠢᠲᠤᠷ ᠪᠡᠶᠡᠯᠡᠬᠦᠯᠵᠦ᠂ ᠰᠢᠨ᠎ᠡ ᠠᠮᠵᠢᠯᠲᠠ ᠪᠦᠲᠦᠮᠵᠢ ᠪᠠ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ ᠡᠭᠦᠨ ᠤ ᠬᠠᠮᠲᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠠᠵᠢᠯ ᠳᠤ ᠭᠠᠷᠬᠤ ᠶᠢ ᠰᠢᠯᠭᠠᠬᠤ ᠲᠦᠷᠢᠮ ᠢ ᠴᠢᠩᠳᠠᠯᠠᠵᠦ᠂ ᠤᠴᠢᠷ ᠰᠢᠯᠲᠠᠭᠠᠨ ᠥᠬᠡᠶ ᠪᠠᠷ ᠬᠤᠷᠠᠯ ᠰᠠᠭᠠᠲᠠᠬᠤ᠂ ᠤᠷᠤᠶᠢᠳᠠᠬᠤ ᠡᠷᠲᠡ ᠪᠤᠴᠠᠬᠤ ᠵᠡᠷᠭᠡ ᠪᠠᠶᠢᠳᠠᠯ ᠢ ᠲᠣᠭᠲᠠᠭᠠᠯ ᠶᠣᠰᠣᠭᠠᠷ ᠪᠥᠬᠦ ᠬᠤᠷᠢᠶᠠᠨ ᠳᠤ ᠵᠠᠷᠯᠠᠨ ᠮᠡᠳᠡᠭᠳᠡᠬᠦ ᠶᠢᠨ ᠬᠠᠮᠲᠤ ᠵᠢᠯ ᠤᠨ ᠡᠴᠦᠰ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠲᠠᠢ ᠬᠤᠯᠪᠣᠭᠳᠠᠭᠤᠯᠵᠤ᠂ ᠠᠵᠢᠯ ᠳᠤ ᠭᠠᠷᠬᠤ ᠶᠢ ᠰᠢᠯᠭᠠᠬᠤ ᠴᠢᠩᠭ᠎ᠠ ᠲᠦᠷᠢᠮ ᠢᠶᠠᠷ ᠭᠠᠷᠳᠠᠴᠠ ᠪᠣᠯᠭᠠᠵᠤ᠂ ᠮᠠᠨ ᠤ ᠬᠤᠷᠢᠶᠠᠨ ᠤ ᠰᠤᠷᠲᠠᠯ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ ᠬᠡᠵᠦ ᠴᠢᠬᠤᠯᠠᠴᠢᠯᠠᠪᠠ᠃                 ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3