| ᠹᠧᠩᠵᠧᠨ ᠬᠤᠲᠠ ︽ᠲᠠᠪᠤᠨ ᠨᠢᠭᠡ ᠪᠦᠯᠦᠭ︾ ᠠᠷᠪᠠᠨ ᠵᠦᠢᠯ ᠤᠨ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠢᠨᠵᠧᠨᠧᠷᠢᠩ ᠢ ᠬᠡᠷᠡᠭᠵᠢᠭᠦᠯᠬᠦ ᠪᠠᠷ ᠳᠠᠮᠵᠢᠨ᠂ 2016 ᠣᠨ ᠠᠴᠠ 2019 ᠤᠨ | ᠪᠣᠯᠲᠠᠯ᠎ᠠ ᠨᠡᠶᠢᠲᠡ 6264 ᠡᠷᠦᠬᠡ ᠶᠢᠨ 13116 ᠬᠥᠮᠦᠨ ᠢ ᠶᠠᠳᠠᠭᠤ ᠠᠴᠠ ᠠᠩᠭᠢᠵᠢᠷᠠᠭᠤᠯᠪᠠ᠃ ᠣᠳᠣᠬᠠᠨ ᠳᠤ | ᠂ ᠶᠠᠳᠠᠭᠤᠷᠠᠯ ᠡᠭᠦᠰᠬᠦ ᠨᠤᠷᠮ᠎ᠠ 2015 ᠣᠨ ᠤ ᠡᠴᠦᠰ ᠲᠤ 4.7% ᠪᠠᠶᠢᠭᠰᠠᠨ ᠠᠴᠠ 2019 ᠣᠨ ᠤ ᠡᠴᠦᠰ | ᠪᠣᠯᠬᠤ ᠳᠤ 0.0091% ᠪᠤᠯᠵᠤ ᠪᠠᠭᠤᠷᠠᠪᠠ᠃ ᠲᠠᠷᠢᠶᠠᠴᠢᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ | ᠪᠣᠯᠬᠤ ᠣᠷᠣᠯᠭ᠎ᠠ 2015 ᠣᠨ ᠤ ᠡᠴᠦᠰ ᠲᠤ 9927 ᠲᠥᠭᠦᠷᠢᠭ ᠪᠠᠶᠢᠬᠰᠠᠨ ᠠᠴᠠ ᠪᠠᠨ 2019 ᠣᠨ ᠤ | ᠡᠴᠦᠰ ᠲᠤ 14178 ᠲᠥᠭᠦᠷᠢᠭ ᠪᠣᠯᠤᠨ ᠨᠡᠮᠡᠭᠳᠡᠵᠦ᠂ 2019 ᠣᠨ ᠤ ᠨᠡᠮᠡᠭᠳᠡᠯ ᠤᠨ ᠨᠤᠷᠮ᠎ᠠ 11.1% | ᠪᠤᠯᠵᠤ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠦᠨ ᠪᠦᠷᠢ ᠶᠢᠨ | ᠲᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠨᠤᠷᠮ᠎ᠠ ᠠᠴᠠ ᠥᠨᠳᠥᠷ ᠪᠣᠯᠪᠠ᠃ ᠣᠲᠣ ᠪᠣᠯᠲᠠᠯ᠎ᠠ᠂ | ᠹᠧᠩᠵᠧᠨ ᠬᠤᠲᠠ ᠳᠤ ᠨᠡᠶᠢᠲᠡ 5699 ᠶᠠᠳᠠᠭᠤ ᠬᠦᠴᠢᠷᠳᠡᠯᠲᠡᠶ ᠡᠷᠦᠬᠡ᠂ 11800 ᠬᠥᠮᠦᠨ ᠪᠠᠶᠢᠵᠤ᠂ | ᠡᠭᠦᠨ ᠳᠤ ᠦᠨᠳᠦᠰᠦᠨ ᠵᠦᠢᠯ ᠢ ᠪᠠᠲᠤᠯᠠᠬᠤ ᠡᠲᠡᠭᠡᠳ ᠲᠤ ᠨᠡᠶᠢᠲᠡ 4392 ᠡᠷᠦᠬᠡ᠂ 7382 ᠬᠥᠮᠦᠨ | ᠤᠷᠤᠭᠤᠯᠵᠠᠢ︔ ᠶᠠᠳᠠᠭᠤ ᠠᠴᠠ ᠠᠩᠭᠢᠵᠢᠷᠠᠭᠠᠳᠤᠶ ᠬᠥᠮᠦᠨ ᠠᠮᠠ 7 ᠡᠷᠦᠬᠡ᠂ 21 ᠬᠥᠮᠦᠨ ᠪᠠᠶᠢᠵᠤ᠂ ᠡᠭᠦᠨ ᠳᠤ | ᠨᠢᠭᠡᠨᠲᠡ 5 ᠡᠷᠦᠬᠡ᠂ 12 ᠬᠥᠮᠦᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠪᠡ︔ ᠳᠠᠬᠢᠨ ᠶᠠᠳᠠᠭᠤᠷᠠᠬᠤ | ᠲᠦᠭᠰᠢᠭᠦᠷᠢ ᠲᠠᠢ 291 ᠡᠷᠦᠬᠡ ᠶᠢᠨ 636 ᠬᠥᠮᠦᠨ ᠠᠮᠠ ᠶᠢ ᠨᠢᠭᠡᠨᠳᠡ ᠶᠠᠳᠠᠭᠤ ᠠᠴᠠ ᠠᠩᠭᠢᠵᠢᠷᠠᠭᠤᠯᠵᠦ᠂ | ᠡᠭᠦᠨ ᠳᠤ224 ᠡᠷᠦᠬᠡ ᠶᠢᠨ391 ᠬᠥᠮᠦᠨ ᠨᠢᠭᠡᠨᠲᠡ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠪᠡ︔ ᠶᠠᠳᠠᠭᠤᠷᠠᠬᠤ | ᠲᠦᠭᠰᠢᠭᠦᠷᠢ ᠲᠠᠢ 531 ᠡᠷᠦᠬᠡ ᠶᠢᠨ 1017 ᠬᠥᠮᠦᠨ ᠪᠠᠶᠢᠵᠤ᠂ ᠡᠭᠦᠨ ᠳᠤ 293 ᠡᠷᠦᠬᠡ ᠶᠢᠨ 540 ᠬᠥᠮᠦᠨ | ᠨᠢᠭᠡᠨᠲᠡ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠪᠡ᠃ | | ᠤᠷᠴᠢᠭᠤᠯᠤᠬᠴᠢ᠄ ᠼᠦᠢ ᠶᠢᠩ | |