| ︽ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ︾ ᠲᠤᠬᠠᠶ ᠲᠠᠨᠢᠯᠳᠠ ᠮᠡᠳᠡᠴᠡ ᠶᠢ | ᠨᠡᠮᠡᠭᠳᠡᠬᠦᠯᠬᠦᠢ ᠶᠢᠨ ᠲᠥᠯᠥᠭᠡ᠂ 4 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠠᠵᠤ | ᠦᠢᠯᠡᠳᠪᠦᠷᠢ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ︽ᠶᠠᠳᠠᠭᠤ ᠠᠴᠠ | ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ︾ ᠮᠡᠳᠡᠯᠭᠡ ᠶᠢᠨ ᠰᠢᠯᠭᠠᠯᠲᠠ ᠶᠢ ᠵᠣᠬᠢᠶᠠᠨ ᠪᠠᠶᠢᠭᠤᠯᠤᠨ | ᠥᠷᠨᠢᠭᠦᠯᠪᠡ᠃ ᠤᠳᠤᠷᠢᠳᠬᠤ ᠪᠠᠭ᠂ ᠡᠯ᠎ᠡ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠨᠡᠶᠢᠭᠡᠮ ᠲᠣᠭᠤᠷᠢᠭ ᠤᠨ | ᠨᠠᠮ ᠤᠨ ᠡᠭᠦᠷ ᠤᠨ ᠱᠦᠵᠢ᠂ ᠡᠷᠬᠢᠯᠡᠭᠴᠢ᠂ ᠠᠷᠠᠳ ᠤᠨ ᠰᠣᠩᠭᠤᠭᠰᠠᠨ ᠣᠶᠤᠲᠠᠨ ᠨᠠᠷ 45 ᠬᠥᠮᠦᠨ | ᠰᠢᠯᠭᠠᠯᠲᠠ ᠳᠤ ᠣᠷᠣᠯᠴᠠᠪᠠ᠃ | ᠲᠣᠰ ᠤᠳᠠᠭᠠᠨ ᠤ ᠰᠢᠯᠭᠠᠯᠲᠠ ᠪᠠᠷ ᠳᠡᠮᠵᠢᠨ᠂ ᠬᠡᠷᠡᠭ ᠡᠷᠬᠢᠯᠡᠬᠦ ᠭᠠᠵᠠᠷ ᠤᠨ ᠺᠠᠳ᠋ᠷ ᠤᠨ ︽ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ︾ ᠣᠨᠣᠯ ᠤᠨ ᠮᠡᠳᠡᠯᠭᠡ ᠶᠢᠨ ᠰᠠᠭᠤᠷᠢ ᠶᠢ ᠳᠡᠭᠡᠭᠰᠢᠯᠡᠭᠦᠯᠵᠦ᠂ ᠥᠷᠭᠡᠨ | ᠣᠯᠠᠨ ᠺᠠᠳ᠋ᠷ ᠠᠵᠢᠯᠲᠠᠨ ᠠᠵᠢᠯᠴᠢᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠶᠢ ᠤᠯᠠᠮ ᠨᠢᠭᠡ | ᠠᠯᠬᠤᠮ ᠴᠢᠩᠭᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠬᠦ ᠳᠤ ᠠᠬᠢᠭᠤᠯᠬᠤ ᠦᠢᠯᠡᠳᠦᠯ ᠦᠵᠡᠭᠦᠯᠪᠡ᠃ | ᠤᠷᠴᠢᠭᠤᠯᠤᠬᠴᠢ᠄ ᠼᠦᠢ ᠶᠢᠩ |