| 2020 ᠣᠨ ᠤ 4 ᠰᠠᠷ᠎ᠠ ᠶᠢᠨ 15 ᠤ ᠡᠳᠦᠷ ᠪᠣᠯ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ | ᠬᠥᠮᠦᠵᠢᠯ ᠤᠨ 5 ᠳ᠋ᠤᠭᠠᠷ ᠡᠳᠦᠷ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤᠨ ᠶᠡᠷᠦᠩᠬᠡᠶ ᠴᠣᠭᠴᠠ ᠶᠢᠨ | ᠤᠯᠤᠰ ᠤᠨ ᠠᠮᠤᠷ ᠲᠦᠪᠰᠢᠨ ᠤ ᠦᠵᠡᠯᠲᠡ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠵᠤ᠂ | ᠥᠷᠭᠡᠨ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠳᠡ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ | ᠴᠢᠩᠭᠠᠳᠬᠠᠵᠤ᠂ ᠠᠵᠤ ᠦᠢᠯᠡᠳᠪᠦᠷᠢ ᠶᠢᠨ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠠᠮᠤᠷ ᠲᠦᠪᠰᠢᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠮᠠᠨ ᠤ ᠵᠡᠭᠡᠯᠢ | ᠭᠤᠳᠤᠮᠵᠢ ︽ᠶᠡᠷᠦᠩᠬᠡᠶ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ | ᠤᠯᠠᠮᠵᠢᠯᠠᠯᠲᠤ ᠠᠮᠤᠷ ᠲᠦᠪᠰᠢᠨ ᠪᠠ ᠤᠯᠠᠮᠵᠢᠯᠠᠯᠲᠤ ᠪᠤᠰᠤ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠬᠦ ᠶᠢᠨ | ᠲᠣᠭᠤᠷᠢᠨ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠳᠤ | ᠪᠠᠲᠤ ᠴᠢᠩᠭ᠎ᠠ ᠪᠠᠲᠤᠯᠠᠭ᠎ᠠ ᠬᠠᠩᠭᠠᠨ᠎ᠠ︾ ᠭᠡᠬᠦ ᠠᠵᠢᠯᠯᠠᠭ᠎ᠠ ᠪᠠᠷ ᠭᠤᠣᠯ ᠰᠡᠳᠦᠪ ᠪᠣᠯᠭᠠᠵᠤ᠂ ᠤᠬᠠᠭᠤᠯᠭ᠎ᠠ ᠶᠢᠨ | ᠳᠡᠪᠲᠡᠷ 20 ᠲᠠᠷᠬᠠᠭᠠᠵᠤ᠂ 6 ᠵᠤᠷᠪᠤᠰ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠵᠤ᠂ 2 ᠰᠠᠤᠷᠢ ᠤᠬᠠᠭᠤᠯᠬᠤ | ᠲᠡᠷᠭᠡ ᠬᠥᠳᠡᠯᠭᠡᠵᠦ᠂ ᠡᠯ᠎ᠡ ᠨᠡᠶᠢᠭᠡᠮ ᠲᠣᠭᠤᠷᠢᠭ ᠤᠨ ᠬᠠᠷᠢᠶᠠᠲᠤ ᠣᠷᠣᠨ ᠤ ᠰᠠᠭᠤᠭᠠᠯᠢ ᠠᠷᠠᠳ ᠢ ᠵᠣᠬᠢᠶᠠᠨ | ᠪᠠᠶᠢᠭᠤᠯᠤᠨ ᠰᠤᠷᠤᠯᠴᠠᠭᠤᠯᠵᠦ᠂ ᠶᠠᠷᠢᠯᠴᠠᠬᠤ ᠪᠠ ᠤᠬᠠᠭᠤᠯᠤᠨ᠂ ᠪᠦᠬᠦ ᠠᠷᠠᠳ ᠤᠨ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠠᠮᠤᠷ ᠲᠦᠪᠰᠢᠨ ᠤ ᠰᠡᠷᠭᠡᠶᠢᠯᠡᠯᠳᠡ ᠶᠢᠨ ᠤᠬᠠᠮᠰᠠᠷ ᠢ ᠲᠦᠭ ᠲᠦᠮᠡᠨ ᠡᠷᠦᠬᠡ ᠳᠤ ᠬᠦᠷᠭᠡᠪᠡ᠃ | ᠤᠷᠴᠢᠭᠤᠯᠤᠬᠴᠢ᠄ ᠼᠦᠢ ᠶᠢᠩ |