ᠹᠧᠩᠵᠧᠨ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ ᠨᠥᠬᠦᠷ ᠬᠤᠳᠠ ᠵᠢᠨ‌ᠬᠤᠶᠢᠳᠤ ᠲᠣᠭᠤᠷᠢᠭ ᠤᠨ ᠵᠡᠭᠡᠯᠢ ᠭᠤᠳᠤᠮᠵᠢ ᠶᠢᠨ ᠨᠠᠨ ᠮᠤᠤ ᠳ᠋ᠢᠶᠠᠨ ᠨᠡᠶᠢᠭᠡᠮ ᠲᠣᠭᠤᠷᠢᠭ ᠪᠠ ᠲᠤ ᠳᠠᠩ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠠᠵᠢᠯ ᠤᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020-04-21
    4 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠹᠧᠩᠵᠧᠨ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠲᠠᠷᠤᠭ᠎ᠠ ᠸᠧᠨ ᠪᠢᠨ ᠤ ᠪᠠᠷ᠎ᠠ ᠪᠣᠯᠣᠯᠭ᠎ᠠ ᠳᠣᠤᠷ᠎ᠠ᠂ ᠬᠤᠳᠠ ᠶᠢᠨ ᠬᠤᠶᠢᠳᠤ ᠲᠣᠭᠤᠷᠢᠭ ᠤᠨ ᠵᠡᠭᠡᠯᠢ ᠭᠤᠳᠤᠮᠵᠢ ᠪᠠᠷ ᠬᠦᠨᠵᠡᠭᠡᠶᠢᠷᠡᠨ ᠠᠭᠤᠰᠬᠢᠨ ᠦᠷᠪᠢᠰᠦᠯ ᠤᠨ ᠰᠢᠨ᠎ᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠦᠢᠯᠡᠳᠪᠦᠷᠢᠯᠡᠯ ᠢᠶᠠᠨ ᠰᠡᠷᠭᠦᠭᠡᠬᠦ ᠠᠶᠤᠯᠭᠦᠶ  ᠦᠢᠯᠡᠳᠪᠦᠷᠢᠯᠡᠯ᠂ ᠬᠠᠷᠢᠶ᠎ᠠ ᠣᠷᠣᠨ ᠤ ᠣᠷᠴᠢᠨ ᠠᠬᠤᠶ ᠶᠢᠨ ᠠᠷᠢᠭᠤᠨ ᠴᠡᠪᠡᠷ ᠢ ᠴᠡᠭᠴᠡᠯᠡᠨ ᠵᠠᠰᠠᠬᠤ ᠵᠡᠷᠭᠡ ᠪᠠᠶᠢᠳᠠᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠲᠤᠬᠠᠶ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃     ᠸᠠᠩ ᠱᠦᠵᠢ ᠨᠡᠷ ᠤᠷᠢᠳ ᠬᠤᠵᠢᠳ ᠲᠤ ᠲᠠᠩ ᠨᠡᠶᠢᠭᠡᠮ ᠲᠣᠭᠤᠷᠢᠭ᠂ ᠨᠠᠨ ᠮᠤᠤ ᠳ᠋ᠢᠶᠠᠨ ᠨᠡᠶᠢᠭᠡᠮ ᠲᠣᠭᠤᠷᠢᠭ ᠲᠤ ᠬᠦᠷᠴᠦ᠂ ᠨᠡᠶᠢᠭᠡᠮ ᠲᠣᠭᠤᠷᠢᠭ ᠲᠤ ᠬᠦᠷᠬᠦ ᠪᠦᠷᠢ᠂ ᠸᠠᠩ ᠱᠦᠵᠢ ᠨᠡᠶᠢᠭᠡᠮ ᠲᠣᠭᠤᠷᠢᠭ ᠤᠨ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢᠴᠢ ᠬᠢᠵᠢᠭ ᠤᠨ ᠪᠠᠶᠢᠳᠠᠯ ᠤᠨ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ᠂ ᠠᠶᠤᠯᠭᠦᠶ ᠦᠢᠯᠡᠳᠪᠦᠷᠢᠡᠯᠯ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ᠂ ᠨᠡᠶᠢᠭᠡᠮ ᠲᠤᠭᠤᠷᠢᠭ ᠤᠨ ᠰᠦᠯᠵᠢᠶᠡᠴᠢᠨ ᠤ ᠠᠵᠢᠯ᠂ ᠡᠭᠦᠷ ᠤᠨ ᠱᠦᠵᠢ ᠶᠢᠨ ᠡᠷᠬᠢᠯᠡᠭᠴᠢ ᠵᠢᠴᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠪᠠᠶᠢᠳᠠᠯ ᠵᠡᠷᠭᠡ ᠶᠢ ᠨᠠᠷᠢᠨ ᠣᠶᠢᠯᠠᠭᠠᠪᠠ᠃ ᠲᠡᠷᠡ ᠱᠠᠭᠠᠷᠳᠠᠭᠰᠠᠨ ᠨᠢ᠂ ᠨᠡᠶᠢᠭᠡᠮ ᠲᠣᠭᠤᠷᠢᠭ ᠪᠣᠯ ᠭᠠᠳᠠᠭᠠᠳᠤ ᠰᠡᠷᠭᠡᠶᠢᠯᠡᠯᠲᠡ ᠶᠢᠨ ᠣᠷᠣᠭᠤᠯᠤᠯᠲᠠ᠂ ᠲᠤᠳᠤᠭᠠᠳᠤ ᠰᠡᠷᠭᠡᠶᠢᠯᠡᠯᠲᠡ ᠶᠢᠨ ᠳᠠᠬᠢᠨ ᠡᠭᠦᠰᠬᠦ ᠴᠢᠬᠤᠯᠠ ᠰᠡᠷᠭᠡᠶᠢᠯᠡᠯᠲᠡ ᠶᠢᠨ ᠱᠤᠭᠤᠮ ᠮᠥᠨ᠂ ᠵᠠᠩᠭᠢᠯᠠᠭ᠎ᠠ ᠨᠢ ᠪᠠᠰᠠ ᠰᠢᠨ᠎ᠡ ᠪᠠᠶᠢᠳᠠᠯ ᠤᠨ ᠳᠣᠤᠷᠠᠬᠢ ᠰᠡᠷᠭᠡᠶᠢᠯᠡᠨ ᠡᠵᠡᠮᠳᠡᠬᠦ ᠪᠠᠶᠢᠩᠭᠤᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠶ᠃ ᠨᠡᠶᠢᠭᠡᠮ ᠲᠣᠭᠤᠷᠢᠭ ᠤᠳ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠵᠣᠷᠢᠭ ᠰᠠᠨᠠᠭᠠᠨ ᠤ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠤᠨ ᠲᠠᠯ᠎ᠠ ᠪᠠᠷ ᠨᠡᠶᠢᠭᠡᠮ ᠲᠣᠭᠤᠷᠢᠭ ᠤᠨ ᠰᠦᠯᠵᠢᠶᠡᠴᠢᠨ ᠤ ᠡᠭᠦᠷᠭᠡ ᠴᠢᠳᠠᠪᠤᠷᠢ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠬᠠᠷᠢᠶ᠎ᠠ ᠣᠷᠣᠨ ᠤ ᠳᠣᠲᠣᠷᠠᠬᠢ ᠵᠠᠮ ᠤᠨ ᠭᠠᠳᠠᠷᠭᠤ ᠡᠪᠳᠡᠷᠡᠵᠦ ᠰᠦᠢᠳᠤᠭ᠍ᠰᠡᠨ᠂ ᠠᠷᠢᠭᠤᠨ ᠴᠡᠪᠡᠷ ᠤᠨ ᠤᠷᠬᠢᠬᠳᠠᠮᠠᠯ ᠥᠨᠴᠥᠭ ᠢ ᠠᠷᠢᠯᠭᠠᠬᠤ ᠬᠥᠮᠦᠨ ᠦᠭᠡᠢ ᠵᠡᠷᠭᠡ ᠠᠰᠠᠭᠤᠳᠠᠯ ᠢ ᠴᠠᠭ ᠲᠤᠬᠠᠶ ᠳᠤᠨᠢ ᠰᠡᠭᠦᠳᠡᠷᠯᠡᠨ ᠤᠯᠠᠮᠵᠢᠯᠠᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠢᠢᠳᠪᠦᠷᠢᠯᠡᠬᠦ ᠳᠤ ᠳᠥᠭᠦᠮ ᠦᠵᠡᠭᠦᠯᠬᠦ ᠬᠡᠷᠡᠭᠲᠡᠶ᠃     ᠬᠠᠮᠤᠭ ᠰᠡᠭᠦᠯ ᠳᠤ᠂ ᠸᠠᠩ ᠱᠦᠵᠢ ᠴᠢᠬᠤᠯᠠᠴᠢᠯᠠᠭᠰᠠᠨ ᠨᠢ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠪᠦᠬᠦ ᠬᠦᠴᠦᠨ ᠢᠶᠠᠷ ᠢᠶᠠᠨ ᠤᠯᠠᠨ ᠲᠦᠮᠡᠨ ᠢ ᠳᠠᠶᠢᠴᠢᠯᠠᠨ ᠡᠭᠦᠳᠦᠨ ᠪᠠᠶᠢᠭᠤᠯᠬᠤ ᠠᠵᠢᠯ ᠳᠤ ᠣᠷᠣᠯᠴᠠᠭᠤᠯᠵᠤ᠂ ᠠᠯᠢ ᠤᠯᠠᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ ᠰᠠᠭᠤᠭᠠᠯᠢ ᠠᠷᠠᠳ ᠤᠨ ᠬᠡᠪ ᠴᠢᠨᠠᠷ ᠪᠣᠯᠤᠨ ᠪᠡᠶ᠎ᠡ ᠪᠠᠨ ᠪᠠᠷᠢᠬᠤ ᠤᠬᠠᠮᠰᠠᠷ ᠢ ᠳᠡᠭᠡᠭᠰᠢᠯᠡᠭᠦᠯᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠵᠡᠭᠡᠯᠢ ᠭᠤᠳᠤᠮᠵᠢ ᠨᠢ ᠪᠣᠯᠪᠠᠰᠤᠨ ᠢ ᠡᠭᠦᠳᠦᠨ ᠪᠠᠶᠢᠭᠤᠯᠬᠤ ᠪᠠ ᠳᠣᠣᠷᠠᠴᠢᠯᠠᠭᠰᠠᠨ ᠬᠠᠮᠢᠶᠠᠷᠤᠯᠲᠠ ᠶᠢ ᠤᠶᠠᠯᠳᠤᠭᠤᠯᠵᠦ᠂ ᠨᠡᠶᠢᠭᠡᠮ ᠲᠣᠭᠤᠷᠢᠭ ᠤᠨ ᠰᠦᠯᠵᠢᠶᠡᠴᠢᠨ ᠨᠠᠷ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠵᠡᠭᠡᠯᠢ ᠭᠤᠳᠤᠮᠵᠢ ᠶᠢᠨ ᠵᠢᠵᠢᠭ ᠭᠤᠳᠤᠮᠵᠢ ᠶᠢ ᠴᠡᠭᠴᠡᠯᠡᠨ ᠵᠠᠰᠠᠬᠤ᠂ ᠠᠰᠠᠷ ᠲᠠᠭᠲᠤ ᠶᠢᠨ ᠡᠷᠡᠭᠦᠯ ᠬᠠᠮᠠᠭᠠᠯᠠᠯ ᠤᠨ ᠴᠡᠭᠴᠡᠯᠡᠨ ᠵᠠᠰᠠᠬᠤ ᠵᠡᠷᠭᠡ ᠴᠢᠬᠤᠯᠠ ᠭᠤᠭᠴᠤᠭ ᠎ᠠ ᠶᠢ ᠰᠠᠶᠢᠲᠤᠷ ᠠᠳᠬᠤᠵᠤ᠂ ᠪᠣᠯᠪᠠᠰᠤᠨ ᠬᠤᠲᠠ ᠶᠢᠨ ᠬᠠᠲᠠᠭᠤ ᠲᠣᠨᠤᠭ ᠤᠨ ᠰᠠᠭᠤᠷᠢ ᠶᠢ ᠪᠠᠬᠢᠵᠢᠭᠦᠯᠦᠨ᠎ᠡ᠃                                    ᠤᠷᠴᠢᠭᠤᠯᠤᠬᠴᠢ᠄   ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3