| 4 ᠰᠠᠷ᠎ᠠ ᠶᠢᠨ 16 ᠤ ᠡᠳᠦᠷ᠂ ᠬᠤᠲᠠ ᠶᠢᠨ ᠬᠤᠪᠸᠢ ᠶᠢ ᠲᠤᠰᠠᠯᠠᠬᠤ ᠡᠮᠴᠢᠯᠡᠭᠡᠨ ᠤ ᠠᠩᠭᠢ ᠶᠢᠨ ᠪᠥᠬᠦ ᠭᠡᠰᠢᠭᠦᠳ | ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠳᠠᠷᠠᠭ᠎ᠠ᠂ ᠲᠤᠰᠭᠠᠷᠯᠠᠬᠰᠠᠨ ᠰᠤᠪᠢᠯᠠᠯᠳᠠ | ᠲᠠᠭᠤᠰᠤᠬᠰᠠᠨ ᠤ ᠳᠠᠷᠠᠭ᠎ᠠ ᠮᠠᠨ ᠤ ᠬᠤᠲᠠ ᠳᠠᠭᠠᠨ ᠪᠤᠴᠠᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ | ᠦᠪᠡᠳᠡᠭᠰᠢ ᠶᠡᠭᠡ ᠤᠭᠲᠤᠬᠤ ᠶᠣᠰᠣᠯᠠᠯ ᠶᠠᠪᠤᠭᠤᠯᠵᠤ᠂ ᠪᠠᠭᠠᠲᠤᠷᠴᠤᠳ ᠤᠨ ᠠᠮᠤᠷ ᠲᠦᠪᠰᠢᠨ ᠢᠶᠠᠷ ᠪᠤᠴᠠᠵᠤ ᠢᠷᠡᠬᠦ ᠶᠢ | ᠤᠭᠲᠤᠪᠠ᠃ | | ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠸᠠᠩ ᡁᠢ ᠶᠦᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠢᠶᠦ᠋ᠨ ᠲᠤᠤ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ | ᠵᠢᠢ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ | ᠼᠤᠤ ᠶᠠᠨ ᠯᠢᠨ ᠵᠡᠷᠭᠡ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠤᠭᠲᠤᠬᠤ ᠶᠣᠰᠣᠯᠠᠯ ᠤᠨ ᠲᠤᠬᠠᠶ ᠶᠢᠨ | ᠲᠠᠯᠠᠪᠤᠷ ᠲᠤ ᠭᠡᠰᠢᠭᠦᠳ ᠢ ᠤᠭᠲᠤᠪᠠ᠃ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠶᠣᠣ ᡁᠢ ᠵᠢᠶᠧ | ᠤᠭᠲᠤᠬᠤ ᠶᠣᠰᠣᠯᠠᠯ ᠢ ᠡᠷᠭᠢᠯᠡᠪᠡ᠃ | | | | ᠳᠥᠷᠪᠡᠨ ᠰᠠᠷ᠎ᠠ ᠶᠢᠨ ᠹᠧᠩ ᠴᠤᠸᠠᠨ ᠤ ᠡᠬᠡ ᠭᠠᠵᠠᠷ ᠲᠤ ᠬᠠᠪᠤᠷ ᠤᠨ ᠠᠭᠤᠷ ᠤᠷᠤᠵᠦ᠂ ᠲᠦᠮᠡᠨ ᠪᠣᠳᠠᠰ ᠠᠮᠢᠯᠠᠨ | ᠰᠡᠷᠭᠦᠵᠦ᠂ ᠰᠢᠨ᠎ᠡ ᠰᠣᠷᠭᠤᠭ ᠭᠦᠢᠯᠡᠰᠦᠨ ᠴᠡᠴᠡᠭ ᠨᠠᠮᠠᠭ᠎ᠠ ᠳᠦᠭᠦᠷᠡᠩ ᠳᠡᠯᠭᠡᠷᠡᠪᠡ᠂ ᠵᠡᠭᠡᠯᠢ ᠭᠤᠳᠤᠮᠵᠢ ᠶᠢᠨ ᠬᠤᠶᠠᠷ | ᠲᠠᠯ᠎ᠠ ᠳᠤ ᠵᠠᠮ ᠬᠠᠪᠴᠢᠨ ᠵᠤᠭᠰᠤᠭᠰᠠᠨ ᠪᠠᠭᠠᠲᠤᠷᠴᠤᠳ ᠢ ᠪᠠᠶᠠᠷᠯᠠᠨ ᠤᠭᠲᠤᠵᠤ ᠪᠠᠶᠢᠭ᠎ᠠ ᠡᠯ᠎ᠡ ᠡᠲᠡᠭᠡᠳ ᠤᠨ ᠺᠠᠳ᠋ᠷ ᠣᠯᠠᠨ | ᠲᠦᠮᠡᠨ ᠭᠠᠷ ᠲᠠᠬᠢ ᠤᠯᠤᠰ ᠤᠨ ᠲᠤᠭ ᠢᠶᠠᠨ ᠬᠤᠷᠦ᠋ᠢᠯᠠᠵᠤ᠂ ᠰᠡᠳᠬᠢᠯ ᠳᠣᠲᠣᠷᠠᠬᠢ ᠪᠠᠶᠠᠷ ᠪᠠᠭ᠋ᠠᠳᠤᠯ ᠪᠠ ᠡᠷᠬᠢᠮ ᠲᠡᠭᠡᠳᠤ | ᠬᠦᠨᠳᠦᠳᠬᠡᠯ ᠢᠶᠠᠨ ᠡᠪᠦᠷᠯᠡᠨ᠂ ᠮᠠᠨ ᠤ ᠬᠤᠲᠠ ᠶᠢᠨ ᠬᠤᠪᠸᠢ ᠶᠢ ᠲᠤᠰᠠᠯᠠᠬᠤ ᠡᠮᠨᠡᠯᠭᠡ ᠶᠢᠨ ᠠᠩᠭᠢ ᠶᠢᠨ ᠢᠷᠠᠭᠤ ᠠᠯᠳᠠᠷ ᠢ | ᠡᠪᠦᠷᠯᠡᠨ ᠪᠤᠴᠠᠵᠤ ᠢᠷᠡᠭᠰᠡᠨ ᠪᠠ ᠪᠦᠬᠦ ᠡᠮᠨᠡᠯᠭᠡ ᠶᠢᠨ ᠠᠵᠢᠯᠲᠠᠨ ᠤ ︽ᠥᠴᠦᠬᠡᠨ ᠴᠦ ᠬᠠᠯᠳᠠᠪᠤᠷᠢᠯᠠᠯ ᠦᠭᠡᠢ︾ | ᠬᠤᠪᠸᠢ ᠶᠢ ᠲᠤᠰᠠᠯᠠᠬᠤ ᠠᠵᠢᠯ ᠠᠮᠵᠢᠯᠲᠠ ᠲᠠᠢ ᠠᠮᠤᠷ ᠮᠡᠨᠳᠦ ᠪᠠᠷ ᠪᠤᠴᠠᠬᠰᠠᠨ ᠢ ᠪᠠᠶᠠᠷᠯᠠᠨ ᠤᠭᠲᠤᠵᠠᠶ᠃ ᠵᠠᠮ | ᠬᠠᠷᠢᠯᠴᠠᠭᠠᠨ ᠤ ᠴᠠᠭᠳᠠᠭ᠎ᠠ ᠶᠢᠨ ᠶᠣᠰᠣᠯᠠᠯ ᠤᠨ ᠡᠩᠨᠡᠭᠡ ᠶᠢᠨ ᠬᠠᠮᠠᠭᠠᠯᠠᠯ ᠳᠣᠤᠷ᠎ᠠ᠂ ᠬᠤᠪᠧᠶ ᠶᠢ ᠲᠤᠰᠠᠯᠠᠬᠤ ᠡᠮᠴᠢ ᠶᠢᠨ | ᠠᠵᠢᠯᠲᠠᠳ ᠲᠡᠷᠭᠡ ᠪᠠᠷ ᠬᠤᠲᠠ ᠶᠢᠨ ᠲᠣᠭᠤᠷᠢᠭ ᠲᠤ ᠣᠷᠣᠵᠤ᠂ ᠵᠠᠮ ᠳᠠᠭᠠᠤ ᠵᠠᠮ ᠤᠨ ᠬᠤᠶᠠᠷ ᠬᠠᠵᠠᠭᠤ ᠶᠢᠨ ᠺᠠᠳ᠋ᠷ | ᠣᠯᠠᠨ ᠲᠦᠮᠡᠨ᠂ ᠡᠭᠦᠷᠭᠡ ᠬᠦᠢᠴᠡᠳᠭᠡᠭᠦ ᠠᠷᠠᠳ ᠤᠨ ᠴᠠᠭᠳᠠᠭ᠎ᠠ ᠭᠠᠷ ᠳᠠᠯᠠᠯᠤᠨ ᠮᠡᠨᠳᠦᠴᠢᠯᠡᠯ ᠬᠦᠷᠭᠡᠵᠦ᠂ ᠬᠦᠨᠳᠦᠲᠦ | ᠴᠠᠭᠠᠨ ᠬᠤᠪᠴᠠᠰᠤ ᠲᠠᠢ ᠪᠠᠶᠢᠯᠳᠤᠭᠴᠢ ᠳᠤ ᠬᠠᠮᠤᠭ ᠤᠨ ᠥᠨᠳᠥᠷ ᠶᠣᠰᠣᠯᠠᠯ ᠢᠶᠠᠨ ᠲᠡᠪᠰᠢᠭᠦᠯᠪᠡ᠃ | | ᠤᠭᠲᠤᠬᠤ ᠶᠣᠰᠣᠯᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠢ ᠮᠠᠨ ᠤ | ᠬᠤᠲᠠ ᠵᠢᠨᠬᠤᠪᠸᠢ ᠶᠢ ᠲᠤᠰᠠᠯᠠᠬᠤ ᠡᠮᠨᠡᠯᠭᠡ ᠶᠢᠨ ᠠᠩᠭᠢ ᠶᠢᠨ ᠪᠥᠬᠦ ᠭᠡᠰᠢᠭᠦᠳ ᠢ ᠥᠨᠳᠥᠷ ᠦᠨᠡᠯᠡᠵᠡᠶ᠃ ᠲᠡᠷᠡ | ᠶᠠᠷᠢᠶᠠᠨ ᠳᠠᠭᠠᠨ᠂ ᠰᠢᠨ᠎ᠡ ᠬᠡᠯᠪᠡᠷᠢ ᠶᠢᠨ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠴᠦ᠂ | ᠬᠢᠵᠢᠭᠲᠦ ᠣᠷᠣᠨ ᠳᠤ ᠪᠠᠴᠢᠮ ᠲᠤᠰᠠᠯᠠᠮᠵᠢ ᠦᠵᠡᠭᠦᠯᠬᠦ ᠪᠠᠴᠢᠮ ᠲᠦᠭᠰᠢᠭᠦᠷᠢᠲᠡᠢ ᠴᠠᠭ ᠮᠥᠴᠡ ᠳᠤ᠂ ᠤᠯᠠᠨ ᠢᠶᠠᠷ ᠢᠶᠠᠨ | ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠡᠷᠡᠰ ᠴᠤᠤᠷᠢᠶᠠᠲᠤᠨ ᠳᠠᠭᠠᠵᠤ᠂ | ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠳᠠᠶᠢᠨ ᠤ ᠲᠠᠯᠠᠪᠤᠷ ᠤᠨ ᠡᠮᠦᠨ᠎ᠡ ᠹᠷᠤᠨᠲ ᠲᠤ ᠬᠦᠷᠴᠦ᠂ ᠬᠤᠪᠸᠢ ᠶᠢ | ᠲᠤᠰᠠᠯᠠᠬᠤ ᠡᠮ ᠡᠮᠨᠡᠯᠭᠡ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ ᠭᠡᠪᠡ᠃ | ᠬᠦᠨᠳᠦ ᠬᠡᠴᠡᠭᠦᠦ ᠬᠢᠵᠢᠭ ᠤᠨ ᠡᠮᠦᠨ᠎ᠡ᠂ ᠡᠨᠡ ᠤᠳᠠᠭᠠᠨ ᠤ ᠳᠠᠷᠢ ᠶᠢᠨ ᠤᠳᠤᠭ᠎ᠠ ᠦᠭᠡᠢ ᠬᠢᠵᠢᠭ ᠢ ᠡᠰᠡᠷᠭᠦᠴᠡᠬᠦ | ᠪᠠᠶᠢᠯᠳᠤᠭᠠᠨ ᠤ ᠳᠤᠮᠳᠠ᠂ ᠤᠯᠠᠨ ᠢᠶᠠᠷ ᠢᠶᠠᠨ ᠤᠯᠤᠰ ᠢᠶᠠᠨ ᠬᠠᠶᠢᠷᠠᠯᠠᠵᠤ᠂ ᠠᠮᠢ ᠪᠡᠶ᠎ᠡ ᠪᠠᠨ ᠬᠠᠶᠢᠬᠤᠷᠦᠯ ᠦᠭᠡᠢ᠂ ᠬᠤᠪᠸᠢ | ᠪᠣᠯᠤᠨ ᠦᠬᠠᠨ ᠢ ᠡᠷᠡᠰ ᠰᠢᠭᠤᠷᠬᠠᠢ ᠪᠠᠷ ᠲᠤᠰᠠᠯᠠᠵᠤ᠂ ︽ᠬᠠᠮᠤᠭ ᠤᠨ ᠭᠤᠶᠤ ᠰᠥᠷᠭᠡᠦ ᠠᠵᠢᠯᠯᠠᠭᠴᠢ︾ ᠪᠣᠯᠬᠤ ᠪᠠᠷ | ᠴᠢᠷᠮᠠᠶᠢᠵᠤ᠂ ᠡᠮᠦᠨᠡᠲᠦ ᠣᠷᠣᠨ ᠤ ᠲᠠᠯᠠᠢ ᠶᠢᠨ ᠢᠳᠡᠭᠡᠨ ᠤ ᠵᠠᠬ᠎ᠠ ᠳᠡᠯᠭᠡᠭᠦᠷ ᠠᠴᠠ ᠨᠢᠭᠡ ᠺᠢᠯᠤᠮᠧᠲᠷ ᠬᠦᠷᠬᠦ ᠦᠭᠡᠢ | ᠠᠰᠠᠷᠠᠨ ᠬᠠᠷᠠᠭᠠᠯᠵᠠᠬᠤ ᠡᠮᠨᠡᠯᠭᠡ ᠶᠢᠨ ᠬᠤᠷᠢᠶᠠᠨ ᠳᠤ ᠡᠪᠡᠳᠴᠢᠨ ᠡᠮᠭᠡᠭ ᠢ ᠡᠰᠡᠷᠭᠦᠴᠡᠵᠦ᠂ ᠡᠮᠨᠡᠯᠭᠡ ᠶᠢᠨ ᠠᠵᠢᠯᠲᠠᠳ ᠤᠨ | ︽ᠠᠮᠢ ᠨᠠᠰᠤ ᠪᠠᠨ ᠨᠠᠨᠳᠢᠩᠨᠠᠵᠤ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠳᠬᠦᠵᠦ᠂ ᠳᠤᠷᠠᠲᠠᠶ᠎ᠠ ᠬᠤᠪᠢ ᠨᠡᠮᠡᠷᠢ | ᠦᠵᠡᠭᠦᠯᠬᠦ᠂ ᠶᠡᠭᠡ ᠬᠠᠶᠢᠷ᠎ᠠ ᠬᠠᠯᠠᠮᠵᠢ ᠶᠢᠨ ᠬᠢᠵᠠᠭᠠᠷ ᠦᠭᠡᠢ︾ ᠭᠡᠬᠦ ᠡᠷᠬᠢᠮ ᠳᠡᠭᠡᠳᠦ ᠵᠣᠷᠢᠭ ᠰᠠᠨᠠᠭ᠎ᠠ ᠶᠢ ᠲᠡᠭᠦᠯᠳᠡᠷ | ᠰᠠᠶᠢᠬᠠᠨ ᠢᠯᠡᠷᠡᠬᠦᠯᠵᠡᠢ᠃ ᠬᠢᠵᠢᠭ ᠤᠨ ᠪᠠᠶᠢᠳᠠᠯ ᠪᠣᠯᠤᠨ ᠡᠪᠡᠳᠴᠢᠲᠡᠨ ᠤ ᠡᠮᠦᠨ᠎ᠡ ᠣᠯᠠᠨ ᠢᠶᠠᠷ ᠢᠶᠠᠨ ᠡᠪᠡᠳᠴᠢᠨ ᠲᠠᠢ | ᠦᠵᠡᠯᠴᠡᠵᠦ᠂ ᠲᠤᠰᠬᠠᠢ ᠮᠡᠷᠭᠡᠵᠢᠯ ᠤᠨ ᠪᠣᠯᠪᠠᠰᠤᠷᠠᠯ ᠤᠨ ᠮᠡᠷᠭᠡᠵᠢᠯ᠂ ᠰᠢᠨᠵᠢᠯᠡᠬᠦ ᠤᠬᠠᠭᠠᠨᠴᠢ ᠰᠤᠪᠢᠯᠠᠯᠲᠠ ᠪᠠᠷ ᠦᠬᠦᠵᠦ | ᠰᠢᠷᠬᠠᠳᠤᠬᠤ ᠶᠢ ᠲᠡᠩᠬᠡᠷᠡᠭᠦᠯᠵᠦ᠂ ᠠᠮᠢ ᠨᠠᠰᠤ ᠶᠢ ᠬᠠᠮᠠᠭᠠᠯᠠᠵᠤ᠂ ᠡᠷᠡᠭᠦᠯ ᠮᠡᠨᠳᠦ ᠶᠢ ᠬᠠᠮᠠᠭᠠᠯᠠᠵᠤ᠂ 34 ᠡᠪᠡᠳᠴᠢᠲᠡᠨ ᠢ | ᠡᠮᠨᠡᠨ ᠵᠠᠰᠠᠵᠠᠶ᠃ ᠠᠮᠢ ᠨᠠᠰᠤ ᠨᠢᠭᠡ ᠴᠦ ᠠᠳᠡᠭᠰᠡᠨ ᠦᠭᠡᠢ᠂ ᠡᠮᠨᠡᠨ ᠵᠠᠰᠠᠬᠤ ᠶᠠᠪᠤᠴᠠ ᠳᠤ ᠬᠠᠯᠳᠠᠪᠤᠷᠢᠯᠠᠬᠳᠤᠬᠤ ᠦᠬᠡᠢ | ᠪᠠᠶᠢᠬᠤ ᠶᠢ ᠪᠡᠶᠡᠯᠡᠭᠦᠯᠵᠦ᠂ ᠵᠣᠬᠢᠶᠠᠨ ᠪᠠᠶᠢᠭᠤᠯᠤᠯᠲᠠ ᠪᠠ ᠠᠷᠠᠳ ᠲᠦᠮᠡᠨ ᠤ ᠤᠯᠠᠨ ᠳᠤ ᠲᠤᠰᠢᠶᠠᠭᠰᠠᠨ ᠬᠠᠳᠠᠭᠤ ᠪᠡᠷᠬᠡ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠰᠤ ᠪᠠ ᠨᠢᠯᠪᠤᠰᠤ ᠶᠢᠨ ᠳᠠᠪᠲᠠᠯᠲᠠ᠂ ᠲᠦᠷᠦᠭᠦ ᠪᠠ ᠦᠬᠦᠬᠦ ᠶᠢᠨ | ᠰᠢᠯᠭᠠᠯᠲᠠ ᠶᠢ ᠥᠩᠭᠡᠷᠡᠭᠡᠵᠦ᠂ ᠰᠢᠯᠢᠳᠡᠭ ᠵᠠᠩ ᠮᠣᠷᠠᠯ ᠪᠠ ᠡᠷᠬᠢᠮ ᠳᠡᠭᠡᠳᠦ ᠵᠣᠷᠢᠭ ᠰᠠᠨᠠᠭ᠎ᠠ ᠪᠠᠷ ᠢᠶᠠᠨ ᠬᠥᠮᠦᠰ ᠤᠨ | ᠬᠦᠨᠳᠦᠳᠬᠡᠯ ᠢ ᠣᠯᠤᠭᠰᠠᠨ ᠪᠠᠶᠢᠨ᠎ᠠ᠃ | ᠸᠠᠩ ᠵᠧᠨ ᠬᠠᠶ ᠬᠤᠪᠧᠶ ᠶᠢ ᠲᠤᠰᠠᠯᠠᠬᠤ ᠡᠮᠨᠡᠯᠭᠡ ᠶᠢᠨ ᠠᠵᠢᠯᠲᠠᠳ ᠢ ᠨᠤᠲᠤᠭ ᠲᠠᠭᠠᠨ ᠬᠠᠷᠢᠭᠰᠠᠨ ᠤ ᠳᠠᠷᠠᠭ᠎ᠠ | ᠰᠠᠨᠠᠭ᠎ᠠ ᠠᠮᠤᠷ ᠠᠮᠠᠷᠠᠵᠤ᠂ ᠪᠠᠶᠢᠳᠠᠯ ᠢᠶᠠᠨ ᠲᠣᠬᠢᠷᠠᠭᠤᠯᠤᠨ᠂ ᠵᠣᠷᠢᠭ ᠲᠠᠢ ᠪᠠᠷ ᠠᠵᠢᠯ ᠤᠨ ᠪᠠᠶᠢᠷᠢᠨ ᠳᠠᠭᠠᠨ ᠪᠤᠴᠠᠵᠤ᠂ | ᠬᠢᠵᠢᠭ ᠢ ᠡᠰᠡᠷᠭᠦᠴᠡᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠬᠤᠰᠢᠭᠤᠴᠢ ᠪᠣᠯᠤᠨ ᠵᠢᠱᠢᠶᠡᠴᠢ ᠪᠣᠯᠬᠤ | ᠬᠡᠷᠡᠭᠲᠡᠶ᠃ ᠡᠨᠡ ᠤᠳᠠᠭᠠᠨ ᠤ ᠬᠢᠵᠢᠭ ᠤᠨ ᠪᠠᠶᠢᠳᠠᠯ ᠢ ᠡᠰᠡᠷᠭᠦᠴᠡᠭᠡᠳ ᠢᠯᠡᠷᠡᠭᠦᠯᠦᠭᠰᠡᠨ ᠰᠢᠯᠢᠳᠡᠭ ᠰᠤᠷᠲᠠᠯ ᠪᠠ | ᠣᠯᠤᠭᠰᠠᠨ ᠡᠮᠨᠡᠯᠬᠡ ᠶᠢᠨ ᠰᠤᠪᠢᠯᠠᠯᠲᠠ ᠶᠢᠨ ᠲᠤᠷᠰᠢᠯᠭ᠎ᠠ ᠶᠢ ᠪᠣᠳᠠᠲᠠᠢ ᠠᠵᠢᠯ ᠤᠨ ᠳᠤᠮᠳᠠ ᠪᠠᠨ ᠬᠡᠷᠡᠭᠯᠡᠵᠦ᠂ ᠥᠷᠭᠡᠨ | ᠤᠯᠠᠨ ᠡᠮ ᠡᠮᠨᠡᠯᠭᠡ ᠶᠢᠨ ᠠᠵᠢᠯᠲᠠᠳ ᠤᠨ ᠬᠡᠪ ᠳᠠᠭᠤᠷᠢᠶᠠᠯ ᠪᠤᠯᠵᠤ᠂ ᠪᠦᠬᠦ ᠬᠤᠳᠠ ᠶᠢᠨ ᠺᠠᠳ᠋ᠷ ᠤᠯᠠᠨ ᠲᠦᠮᠡᠨ ᠤ | ᠰᠤᠷᠤᠯᠴᠠᠯᠭ᠎ᠠ ᠶᠢᠨ ᠦᠯᠢᠭᠡᠷ ᠳᠠᠭᠤᠷᠢᠶᠠᠯ ᠪᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠦᠬᠦ ᠬᠤᠳᠠ ᠶᠢᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠣᠰ ᠢᠯᠠᠯᠲᠠ ᠶᠢ ᠲᠡᠮᠡᠴᠡᠨ ᠤᠯᠬᠤ ᠶᠢᠨ ᠲᠥᠯᠥᠭᠡ ᠲᠠᠬᠢᠨ ᠰᠢᠨ᠎ᠡ | ᠭᠠᠪᠢᠶ᠎ᠠ ᠪᠠᠶᠢᠭᠤᠯᠬᠤ ᠬᠡᠷᠡᠭᠲᠡᠢ᠃ | | ᠬᠤᠪᠸᠢ ᠶᠢ ᠲᠤᠰᠠᠯᠠᠬᠤ ᠡᠮᠴᠢᠯᠡᠭᠡᠨ ᠤ ᠠᠩᠭᠢ ᠶᠢᠨ ᠳᠠᠷᠤᠭ᠎ᠠ ᠵᠣᠣ ᠴᠧᠨ ᠭᠤᠸᠠᠩ ᠪᠥᠬᠦ ᠠᠩᠭᠢ ᠶᠢᠨ ᠡᠮᠨᠡᠯᠭᠡ ᠶᠢᠨ | ᠠᠵᠢᠯᠲᠠᠨ ᠤ ᠡᠮᠦᠨ᠎ᠡ ᠠᠴᠠ ᠣᠪᠣᠷ ᠢᠶᠠᠨ ᠢᠯᠡᠳᠭᠡᠪᠡ᠄ 2 ᠰᠠᠷ ᠠ ᠶᠢᠨ 16 ᠤ ᠡᠳᠦᠷ ᠤᠨ ᠥᠷᠯᠥᠭᠡ ᠡᠷᠲᠡ ᠮᠣᠷᠳᠠᠭᠰᠠᠨ | ᠲᠡᠷᠡ ᠮᠥᠴᠡ ᠠᠴᠠ ᠡᠬᠢᠯᠡᠨ᠂ ᠬᠤᠪᠸᠢ ᠶᠢ ᠲᠤᠰᠠᠯᠠᠬᠤ ᠡᠮᠴᠢᠯᠡᠭᠡᠨ ᠤ ᠠᠩᠭᠢ ᠤᠳᠤᠷᠢᠳᠤᠯᠭ᠎ᠠ᠂ ᠬᠠᠮᠲᠤ ᠠᠵᠢᠯᠲᠠᠨ᠂ | ᠭᠡᠷ ᠤᠨ ᠬᠥᠮᠦᠰ ᠴᠢᠨᠠᠭᠰᠢᠯᠠᠪᠠᠯ ᠪᠥᠬᠦ ᠬᠤᠲᠠ ᠶᠢᠨ ᠠᠬᠠᠰ ᠵᠠᠬᠠᠰ ᠨᠤᠲᠤᠭ ᠤᠨ ᠬᠥᠮᠦᠰ ᠤᠨ ᠬᠠᠶᠢᠷ᠎ᠠ ᠬᠠᠯᠠᠮᠵᠢ ᠪᠠ | ᠰᠠᠨᠠᠭᠠᠰᠢᠷᠠᠯ ᠢ ᠦᠨᠡᠨ ᠬᠦ ᠬᠦᠷᠳᠡᠵᠦ᠂ 43 ᠪᠠᠶᠢᠯᠳᠤᠭᠠᠨ ᠤ ᠬᠢᠵᠢᠭ ᠤᠨ ᠪᠠᠶᠢᠳᠠᠯ ᠤᠨ ᠡᠳᠦᠷ ᠬᠤᠨᠤᠭ ᠢ ᠡᠷᠭᠢᠴᠡᠭᠦᠯᠵᠦ | ᠦᠵᠡᠪᠡᠯ᠂ ᠠᠩᠭᠢ ᠶᠢᠨ ᠭᠡᠰᠢᠭᠦᠳ ᠬᠠᠷᠢᠯᠴᠠᠨ ᠵᠣᠷᠢᠭᠵᠢᠭᠤᠯᠵᠤ᠂ ᠬᠠᠷᠢᠯᠴᠠᠨ ᠲᠡᠮᠵᠢᠯᠴᠡᠪᠡ᠃ ᠡᠳᠦᠭᠡ᠂ ᠦᠬᠠᠨ ᠤ | ᠰᠠᠺᠦᠷᠠ ᠴᠡᠴᠡᠭ ᠳᠡᠯᠭᠡᠷᠡᠵᠦ᠂ ᠨᠡᠷᠡᠨ ᠤ ᠭᠡᠷᠡᠯ ᠪᠠ ᠬᠦᠰᠡᠯ ᠡᠷᠡᠮᠡᠯᠵᠡᠯ ᠶᠠᠭ ᠵᠠᠮ ᠳᠠᠭᠠᠨ ᠪᠠᠶᠢᠵᠦ᠂ ᠤᠯᠠᠨ ᠢᠶᠠᠷ ᠢᠶᠠᠨ | ᠠᠮᠤᠷ ᠲᠦᠪᠰᠢᠨ ᠢᠶᠠᠷ ᠪᠤᠴᠠᠵᠤ ᠢᠷᠡᠪᠡ᠃ ᠮᠠᠨ ᠤ ᠳᠤᠮᠳᠠᠳᠤ ᠶᠢᠨ ᠬᠥᠪᠡᠭᠦᠳ ᠥᠬᠢᠳ ᠤᠨ ᠪᠦᠯᠬᠦᠮᠳᠡᠯ ᠪᠠ ᠬᠠᠷᠠᠮ | ᠦᠭᠡᠢ ᠵᠣᠷᠢᠭᠤᠯᠬᠤ ᠵᠣᠷᠢᠭ ᠰᠠᠨᠠᠭ᠎ᠠ ᠨᠢ ᠬᠢᠵᠢᠭ ᠤᠨ ᠪᠠᠶᠢᠳᠠᠯ ᠢ ᠢᠯᠠᠨ ᠳᠠᠪᠠᠵᠤ᠂ ᠠᠷᠠᠳ ᠲᠦᠮᠡᠨ ᠤ ᠠᠮᠢ ᠨᠠᠰᠤ ᠪᠠ | ᠡᠷᠡᠭᠦᠯ ᠮᠡᠨᠳᠦ ᠶᠢ ᠬᠠᠮᠠᠭᠠᠯᠠᠬᠰᠠᠨ ᠭᠡᠳᠡᠭ ᠢ ᠤᠯᠠᠨ ᠢᠶᠠᠷ ᠢᠶᠠᠨ ᠭᠦᠨ ᠣᠶᠢᠯᠠᠭᠠᠵᠤ ᠪᠠᠶᠢᠨ᠎ᠠ᠃ ᠡᠮᠴᠢ ᠪᠣᠯᠤᠭᠰᠠᠨ ᠤ | ᠬᠤᠪᠢ ᠳᠤ᠂ ᠬᠢᠵᠢᠭ ᠢ ᠡᠰᠡᠷᠭᠦᠴᠡᠬᠦ ᠬᠠᠮᠤᠭ ᠤᠨ ᠡᠮᠦᠨ᠎ᠡ ᠹᠷᠣᠨᠲ ᠲᠤ ᠪᠠᠶᠢᠯᠳᠤᠵᠤ ᠴᠢᠳᠠᠬᠤ ᠨᠢ ᠡᠨᠡ ᠬᠦ ᠴᠠᠭ ᠦᠶ᠎ᠡ ᠳᠤ | ᠣᠰᠣᠯᠳᠠᠬᠤ ᠦᠭᠡᠢ᠂ ᠡᠮᠴᠢ ᠶᠢᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ ᠳᠤ ᠣᠰᠣᠯᠳᠠᠬᠤ ᠦᠭᠡᠢ᠃ ᠦᠬᠠᠨ ᠢ | ᠲᠤᠰᠠᠯᠠᠭᠰᠠᠨ ᠥᠩᠭᠡᠷᠡᠯᠲᠡ ᠨᠢ ᠮᠠᠨ ᠤ ᠠᠵᠢᠯ ᠮᠡᠷᠭᠡᠵᠢᠯ ᠤᠨ ᠠᠮᠢᠳᠤᠷᠠᠯ ᠳᠤᠮᠳᠠᠬᠢ ᠬᠠᠮᠤᠭ ᠤᠨ ᠡᠷᠬᠢᠮ ᠨᠠᠨᠳᠢᠨ ᠡᠳ᠋ | ᠪᠠᠶᠠᠯᠢᠭ ᠪᠤᠯᠵᠦ᠂ ᠭᠡᠰᠢᠭᠦᠳ ᠵᠠᠰᠠᠵᠤ ᠴᠡᠭᠴᠡᠯᠡᠭᠰᠡᠨ ᠤ ᠳᠠᠷᠠᠭ᠎ᠠ᠂ ᠡᠨᠡ ᠬᠡᠰᠡᠭ ᠡᠳᠦᠷ ᠠᠴᠠ ᠨᠠᠭᠠᠰᠢᠬᠢ ᠣᠯᠤᠯᠲᠠ ᠶᠢᠨ | ᠳᠣᠭᠳᠣᠯᠤᠯ ᠪᠠ ᠬᠦᠴᠦᠨ ᠴᠢᠳᠠᠯ ᠢ ᠡᠪᠦᠷᠯᠡᠨ᠂ ᠲᠡᠭᠦᠰ ᠲᠡᠭᠦᠯᠳᠡᠷ ᠤᠶᠤᠨ ᠰᠠᠨᠠᠭᠠᠨ ᠤ ᠪᠠᠶᠢᠳᠠᠯ ᠢᠶᠠᠷ ᠬᠤᠶᠢᠰᠢᠳᠠ ᠶᠢᠨ | ᠠᠵᠢᠯ ᠳᠠᠭᠠᠨ ᠣᠷᠣᠯᠴᠠᠵᠤ᠂ ᠡᠮᠨᠡᠯᠭᠡ ᠶᠢᠨ ᠬᠤᠷᠢᠶᠠᠨ ᠤ ᠬᠥᠭᠵᠢᠯᠲᠡ ᠴᠢᠨᠠᠬᠰᠢᠯᠠᠪᠠᠯ ᠪᠦᠬᠦ ᠬᠤᠳᠠ ᠶᠢᠨ ᠡᠮ ᠡᠮᠨᠡᠯᠭᠡ | ᠡᠷᠡᠭᠦᠯ ᠬᠠᠮᠠᠭᠠᠯᠠᠯ ᠤᠨ ᠦᠢᠯᠡᠰ ᠤᠨ ᠲᠠᠪᠰᠢᠯᠳᠠ ᠳᠤ ᠲᠠᠬᠢᠨ ᠰᠢᠨ᠎ᠡ ᠨᠡᠮᠡᠷᠢ ᠭᠠᠷᠭᠠᠬᠤ ᠪᠠᠷ ᠴᠢᠷᠮᠠᠶᠢᠨ᠎ᠠ︕ | | | ᠤᠭᠲᠤᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠲᠠ ᠶᠢᠨ ᠤᠳᠤᠷᠢᠳᠤᠯᠭ᠎ᠠ ᠵᠢᠴᠢ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠬᠤᠲᠠ ᠶᠢᠨ ᠡᠮᠨᠡᠯᠭᠡ ᠶᠢᠨ ᠬᠤᠷᠢᠶᠠᠨ ᠤ ᠭᠤᠤᠯ ᠬᠠᠷᠢᠭᠤᠴᠠᠯᠭᠠᠲᠠᠨ ᠨᠥᠬᠦᠳ ᠬᠤᠪᠸᠢ ᠶᠢ | ᠲᠤᠰᠠᠯᠠᠬᠤ ᠡᠮᠨᠡᠯᠭᠡ ᠶᠢᠨ ᠭᠡᠰᠢᠭᠦᠳ ᠲᠠᠢ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠪᠡ᠃ | ᠤᠷᠴᠢᠭᠤᠯᠤᠬᠴᠢ᠄ ᠼᠦᠢ ᠶᠢᠩ |