ᠹᠧᠩᠵᠧᠨ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠠᠪᠤᠷ ᠤᠨ ᠤᠯᠠᠷᠢᠯ ᠤᠨ ᠠᠯᠪᠠᠨ ᠵᠢᠷᠤᠮ ᠤᠨ ᠮᠣᠳᠣ ᠵᠠᠶᠢᠯᠠᠬᠤ ᠠᠵᠢᠯᠯᠠᠭ᠎ᠠ ᠳᠤ ᠣᠷᠣᠯᠴᠠᠪᠠ
ᠨᠡᠶᠢᠲᠡᠯᠡᠭᠰᠡᠨ ᠴᠠᠭ᠄
2020-04-24
    4 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠸᠠᠩ ᡁᠢ ᠶᠦᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠢᠶᠦ᠋ᠨ ᠲᠤᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠵᠢᠶ ᠵᠢᠴᠢ ᠳᠥᠷᠪᠡᠨ ᠶᠡᠭᠡ ᠤᠳᠤᠷᠢᠳᠬᠤ ᠪᠠᠭ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠲᠤ ᠢᠷᠡᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠲᠠᠢ ᠬᠠᠮᠲᠤ ᠠᠯᠪᠠᠨ ᠵᠢᠷᠤᠮ ᠤᠨ ᠮᠣᠳᠣ ᠵᠠᠶᠢᠯᠠᠬᠤ ᠠᠵᠢᠯᠯᠠᠭ᠎ᠠ ᠳᠤ ᠣᠷᠣᠯᠴᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠥᠬᠦ ᠬᠤᠲᠠ ᠶᠢᠨ ᠥᠷᠭᠡᠨ ᠣᠯᠠᠨ ᠠᠷᠠᠳ ᠲᠦᠮᠡᠨ ᠢ ᠣᠶ ᠮᠣᠳᠣ ᠵᠠᠶᠢᠯᠠᠨ ᠣᠶᠢᠵᠢᠭᠤᠯᠵᠤ᠂ ᠦᠵᠡᠰᠬᠦᠯᠡᠩᠲᠦ ᠰᠠᠶᠢᠬᠠᠨ ᠹᠧᠩᠵᠧᠨ ᠢ ᠪᠥᠲᠥᠭᠡᠨ ᠪᠠᠶᠢᠭᠤᠯᠬᠤ ᠶᠢ ᠤᠷᠢᠶᠠᠯᠠᠪᠠ᠃
   ᠲᠡᠷᠭᠡᠨ ᠠᠴᠠ ᠪᠠᠨ ᠪᠠᠭᠤᠮᠠᠭᠴᠠ ᠸᠠᠩ ᠵᠧᠨ ᠬᠠᠢ᠂ ᠸᠠᠩ ᡁᠢ ᠶᠦᠩ᠂ ᠵᠠᠩ ᠵᠢᠶᠦ᠋ᠨ ᠲᠤᠤ᠂ ᠵᠠᠩ ᠵᠢᠢ ᠨᠠᠷ ᠭᠠᠷ ᠲᠠᠭᠠᠨ ᠬᠦᠷᠵᠡ ᠠᠳᠬᠤᠨ ᠮᠣᠳᠣ ᠵᠠᠶᠢᠯᠠᠬᠤ ᠭᠠᠵᠠᠷ ᠲᠤ ᠢᠷᠡᠵᠤ᠂ ᠤᠢ ᠰᠢᠭᠤᠢ ᠶᠢᠨ ᠮᠡᠷᠭᠡᠵᠢᠯ ᠤᠨ ᠠᠵᠢᠯᠳᠠᠳ ᠤᠨ ᠵᠢᠯᠤᠭᠤᠳᠤᠯᠭ᠎ᠠ ᠳᠣᠣᠷ᠎ᠠ᠂ ᠤᠯᠠᠨ ᠲᠠᠢ ᠬᠠᠮᠲᠤ ᠰᠢᠷᠣᠢ ᠨᠡᠮᠡᠵᠦ᠂ ᠴᠢᠬᠢ ᠮᠣᠳᠣ ᠶᠢ ᠲᠡᠳᠬᠦᠵᠦ᠂ ᠰᠠᠶᠢᠨ ᠭᠢᠰᠬᠢᠪᠡ ᠁ ᠡᠨᠡ ᠮᠡᠳᠤ ᠶᠢᠨ ᠪᠠᠷᠢᠮᠵᠢᠶ᠎ᠠ ᠶᠣᠰᠣᠭᠠᠷ ᠴᠢᠬᠢ ᠮᠣᠳᠣ ᠵᠠᠶᠢᠯᠠᠬᠤ ᠠᠵᠢᠯ ᠤᠨ ᠳᠡᠰ ᠳᠠᠷᠠᠭᠠᠯᠠᠯ ᠪᠦᠬᠦᠨ ᠢ ᠨᠠᠷᠢᠨ ᠬᠢᠨᠠᠮᠠᠭᠠᠢ ᠪᠡᠶᠡᠯᠡᠭᠦᠯᠪᠡ᠃ ᠸᠠᠩ ᠵᠧᠨ ᠬᠠᠢ ᠮᠣᠳᠣ ᠵᠠᠶᠢᠯᠠᠬᠤ ᠶᠢᠨ ᠳᠠᠭᠠᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠠᠴᠠ ᠮᠣᠳᠣ ᠵᠠᠶᠢᠯᠠᠬᠤ ᠳᠠᠯᠠᠪᠠᠢ᠂ ᠬᠥᠷᠥᠰᠥᠨ ᠤ ᠴᠢᠭᠢᠭ ᠤᠨ ᠪᠠᠶᠢᠳᠠᠯ ᠪᠣᠯᠤᠨ ᠮᠣᠳᠣᠨ ᠤ ᠠᠮᠢᠳᠤᠷᠠᠬᠤ ᠨᠤᠷᠮ᠎ᠠ ᠵᠡᠷᠭᠡ ᠪᠠᠶᠢᠳᠠᠯ ᠢ ᠠᠰᠠᠭᠤᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠣᠳᠣ ᠵᠠᠶᠢᠯᠠᠬᠤ ᠶᠠᠰᠤ ᠴᠢᠨᠠᠷ ᠢ ᠴᠢᠬᠤᠯᠠᠴᠢᠯᠠᠵᠤ᠂ ᠮᠣᠳᠣ ᠶᠢ ᠰᠠᠶᠢᠲᠤᠷ ᠵᠠᠶᠢᠯᠠᠬᠤ ᠪᠠᠷ ᠪᠠᠷᠠᠬᠤ ᠦᠭᠡᠢ ᠨᠡᠩ ᠰᠠᠶᠢᠲᠤᠷ ᠬᠠᠮᠢᠶᠠᠷᠴᠤ ᠰᠠᠶᠢᠲᠤᠷ ᠬᠠᠮᠠᠭᠠᠯᠠᠵᠤ ᠂ ᠨᠢᠭᠡ ᠬᠡᠰᠡᠭ ᠵᠠᠶᠢᠯᠠᠪᠠᠯ᠂ ᠨᠢᠭᠡ ᠬᠡᠰᠡᠭ ᠡᠳᠡᠭᠡᠭᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠠᠬᠢᠪᠠ᠃
   ᠮᠣᠳᠣ ᠲᠠᠷᠢᠬᠤ ᠬᠤᠭᠤᠴᠠᠭᠠᠨ ᠳᠤ᠂ ᠸᠠᠩ ᠵᠧᠨ ᠬᠠᠢ ᠴᠢᠬᠤᠯᠠᠴᠢᠯᠠᠭᠰᠠᠨ ᠨᠢ᠂ ᠮᠣᠳᠣ ᠵᠠᠶᠢᠯᠠᠵᠦ ᠣᠶᠢᠵᠢᠭᠤᠯᠬᠤ ᠪᠣᠯ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ︽ᠬᠥᠬᠡᠮᠳᠦᠭ ᠠᠭᠤᠯᠠ ᠬᠦᠬᠡ ᠤᠰᠤ ᠪᠣᠯ ᠠᠯᠳᠠᠨ ᠠᠭᠤᠯᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠤᠬᠠᠮᠰᠠᠷ ᠠᠴᠠ ᠪᠠᠨ ᠦᠢᠯᠡᠳᠦᠯᠬᠡᠵᠢᠬᠦᠯᠵᠦ᠂ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠴᠥᠬᠦᠷᠡᠰᠢ ᠥᠬᠡᠶ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠶ︔ ᠪᠦᠬᠦ ᠬᠤᠲᠠ ᠶᠢᠨ ᠥᠷᠭᠡᠨ ᠣᠯᠠᠨ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠠᠯᠪᠠᠨ ᠵᠢᠷᠤᠮ ᠤᠨ ᠮᠣᠳᠣ ᠵᠠᠶᠢᠯᠠᠬᠤ ᠠᠵᠢᠯᠯᠠᠭ᠎ᠠ ᠳᠤ ᠲᠦᠷᠦᠭᠦᠯᠡᠨ ᠣᠷᠣᠯᠴᠠᠵᠤ᠂ ᠬᠠᠪᠤᠷ ᠮᠣᠳᠣ ᠵᠠᠶᠢᠯᠠᠵᠦ ᠣᠶᠢᠵᠢᠭᠤᠯᠬᠤ ᠠᠰᠢᠭᠲᠠᠢ ᠴᠠᠭ ᠲᠣᠬᠢᠶᠠᠯ ᠢ ᠠᠮᠵᠢᠵᠦ᠂ ᠪᠣᠬᠢᠷᠲᠤᠯ ᠦᠭᠡᠢ ᠳᠠᠪᠠᠭᠤᠯᠢᠭ ᠢ ᠵᠤᠵᠠᠭᠠᠳᠬᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠠᠮᠢ ᠠᠬᠤᠢ ᠶᠢᠨ ᠰᠠᠶᠢᠨ ᠰᠠᠶᠢᠬᠠᠨ ᠭᠡᠷ ᠣᠷᠣᠨ ᠢᠶᠠᠨ ᠪᠦᠲᠦᠭᠡᠨ ᠪᠠᠶᠢᠭᠤᠯᠬᠤ ᠬᠡᠷᠡᠭᠲᠡᠢ᠃
   ᠮᠣᠳᠣ ᠵᠠᠶᠢᠯᠠᠬᠤ ᠲᠤᠬᠠᠶ ᠶᠢᠨ ᠲᠠᠯᠠᠪᠠᠶ ᠳᠤ᠂ ᠡᠯ᠎ᠡ ᠨᠢᠭᠡᠴᠡ ᠶᠢᠨ ᠨᠠᠮ ᠤᠨ ᠭᠡᠰᠢᠭᠦᠨ ᠺᠠᠳ᠋ᠷ ᠠᠵᠢᠯᠲᠠᠨ ᠠᠵᠢᠯᠴᠢᠳ ᠴᠥᠮ ᠮᠣᠳᠣ ᠳᠠᠷᠢᠬᠤ ᠬᠥᠳᠡᠯᠮᠦᠷᠢ ᠳᠤ ᠣᠷᠣᠯᠴᠠᠵᠤ᠂  ᠭᠤᠷᠪᠠ ᠲᠠᠪᠤᠨ ᠬᠥᠮᠦᠨ ᠨᠢᠭᠡ ᠳᠤᠭᠤᠶᠢᠯᠠᠩ ᠪᠣᠯᠵᠣ᠂ ᠠᠵᠢᠯ ᠬᠤᠪᠢᠶᠠᠷᠢᠯᠠᠨ ᠬᠠᠮᠲᠤᠷᠠᠯᠴᠠᠵᠤ᠂ ᠵᠠᠷᠢᠮ ᠨᠢ ᠬᠦᠷᠵᠡ ᠡᠷᠭᠢᠭᠦᠯᠦᠨ ᠰᠢᠷᠣᠶ ᠬᠤᠰᠤᠭᠤᠯᠵᠤ᠂ ᠵᠠᠷᠢᠮ ᠨᠢ ᠮᠤᠳᠤᠨ ᠵᠠᠶᠢᠳᠠᠰᠤ ᠲᠦᠰᠢᠵᠦ ᠰᠢᠷᠤᠢ ᠨᠡᠮᠡᠵᠦ᠂ ᠵᠠᠷᠢᠮ ᠨᠢ ᠰᠢᠷᠣᠶ ᠭᠢᠰᠬᠢᠵᠦ᠂ ᠲᠤᠬᠠᠶ ᠶᠢᠨ ᠲᠠᠯᠠᠪᠠᠶ ᠳᠤ ᠬᠥᠷ ᠬᠥᠭᠵᠢᠶᠡᠨ ᠲᠠᠢ ᠶᠠᠭᠠᠷᠠᠯᠲᠠᠶ ᠪᠠᠶᠢᠳᠠᠯ ᠢᠯᠡᠷᠡᠵᠡᠶ᠃ ᠰᠠᠶ᠋ᠢᠬᠠᠨ ᠵᠠᠶᠢᠯᠠᠬᠰᠠᠨ ᠵᠤᠯᠵᠠᠭ᠎ᠠ ᠮᠣᠳᠣ ᠡᠮᠬᠢ ᠵᠠᠮᠪᠠᠷᠠᠭ᠎ᠠ ᠲᠠᠢ ᠵᠢᠭᠰᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃                        ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3