| ᠤᠢᠢᠷ᠎ᠠ ᠶᠢᠨ ᠵᠢᠯ ᠤᠳ ᠲᠤ᠂ ᠹᠧᠩᠵᠧᠨ ᠬᠤᠳᠠ ᠲᠤᠰᠬᠠᠢ ᠲᠤᠮᠤ ᠡᠷᠦᠬᠡ᠂ ᠭᠡᠷ ᠪᠦᠯᠢ ᠶᠢᠨ | ᠲᠠᠷᠢᠶᠠᠯᠠᠩ ᠤᠨ ᠲᠠᠯᠠᠪᠠᠢ᠂ ᠲᠤᠰᠬᠠᠢ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ | ᠭᠤᠣᠯ ᠴᠣᠭᠴᠠ ᠶᠢ ᠶᠡᠬᠡᠪᠡᠷ ᠪᠤᠶᠢᠵᠢᠭᠤᠯᠵᠤ᠂ ᠤᠯᠠᠨ ᠵᠦᠢᠯ ᠤᠨ ᠬᠡᠯᠪᠡᠷᠢ ᠶᠢᠨ ᠲᠠᠷᠢᠶᠠᠯᠠᠩ ᠤᠨ ᠬᠡᠪᠴᠢᠶᠡᠲᠦ | ᠡᠵᠡᠩᠨᠡᠯᠲᠡ ᠪᠠ ᠨᠡᠶᠢᠭᠡᠮᠴᠢᠯᠡᠭᠰᠡᠨ ᠦᠢᠯᠡᠴᠢᠯᠡᠭᠡ ᠶᠢ ᠬᠥᠭᠵᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ | ᠰᠢᠨ᠎ᠡ ᠥᠷᠢᠰᠥᠯᠳᠦᠭᠡᠨ ᠢ ᠪᠦᠲᠦᠮᠵᠢᠲᠡᠢ ᠠᠷᠢᠯᠭᠠᠵᠤ᠂ ᠲᠠᠷᠢᠶᠠᠯᠠᠩ ᠤᠨ ᠡᠷᠡᠭᠦᠯ ᠢᠶᠠᠷ ᠬᠥᠭᠵᠢᠬᠦ ᠶᠢ ᠪᠠᠲᠤᠯᠠᠪᠠ᠃ | ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠵᠤ ᠲᠠᠩᠰᠠᠯᠠᠨ | ᠦᠨᠡᠮᠯᠡᠯ ᠣᠯᠭᠤᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠬᠠᠤᠯᠢ ᠶᠣᠰᠣᠭᠠᠷ᠂ ᠰᠠᠶᠢᠨ ᠳᠤᠷ᠎ᠠ ᠠᠴᠠ ᠪᠠᠨ | ᠡᠮᠬᠢ ᠵᠢᠷᠤᠮ ᠲᠠᠢ᠂ ᠵᠢᠷᠤᠮᠵᠢᠯ ᠲᠠᠢ ᠪᠠᠶᠢᠯᠭᠠᠬᠤ ᠵᠠᠷᠴᠢᠮ ᠢ ᠪᠠᠷᠢᠮᠲᠠᠯᠠᠨ᠂ ᠹᠧᠩᠵᠧᠨ ᠬᠤᠲᠠ ᠶᠢᠨ ᠭᠠᠵᠠᠷ | ᠰᠢᠷᠣᠶ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠠᠵᠢᠯ ᠢ ᠲᠦᠷᠭᠡᠳᠬᠡᠵᠦ᠂ ᠭᠠᠵᠠᠷ ᠰᠢᠷᠣᠶ ᠶᠢᠨ ᠰᠢᠯᠵᠢᠯᠳᠡ | ᠶᠢ ᠣᠨᠴᠠᠯᠢᠭ ᠲᠠᠢ ᠪᠣᠯᠭᠠᠵᠤ᠂ ᠠᠮᠢᠵᠢᠷᠠᠯ ᠤᠨ ᠬᠦᠴᠦᠨ ᠲᠠᠢ ᠪᠣᠯᠭᠠᠬᠤ ᠬᠡᠷᠡᠭᠲᠡᠶ᠃ ᠣᠳᠣᠬᠠᠨ ᠤ ᠭᠠᠵᠠᠷ | ᠰᠢᠷᠣᠶ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠥᠨᠳᠥᠷ ᠪᠤᠰᠤ᠂ ᠵᠢᠵᠢᠭ ᠰᠠᠵᠢᠭ | ᠬᠦᠴᠢᠷ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠵᠦ᠂ ᠭᠠᠵᠠᠷ ᠰᠢᠷᠣᠶ᠂ ᠪᠡᠯᠡ ᠮᠦᠩᠭᠦ᠂ ᠬᠥᠳᠡᠯᠮᠦᠷᠢ | ᠬᠦᠴᠦᠨ ᠵᠡᠷᠭᠡ ᠦᠢᠯᠡᠳᠪᠦᠷᠢᠯᠡᠯ ᠤᠨ ᠬᠦᠴᠦᠨ ᠵᠦᠢᠯ ᠢ ᠬᠠᠮᠤᠭ ᠤᠨ ᠰᠠᠶᠢᠨ ᠪᠠᠶᠢᠳᠠᠯ ᠳᠤ ᠬᠦᠷᠦᠭᠦᠯᠵᠦ᠂ ᠭᠠᠵᠠᠷ | ᠰᠢᠷᠣᠶ ᠶᠢᠨ ᠰᠢᠯᠵᠢᠯᠳᠡ ᠶᠢ ᠨᠡᠶᠢᠲᠡ 11 ᠲᠦᠮᠡᠨ ᠮᠦ ᠪᠡᠶᠡᠯᠡᠭᠦᠯᠵᠦ᠂ ᠭᠠᠵᠠᠷ ᠰᠢᠷᠣᠶ᠂ ᠤᠰᠤ᠂ ᠣᠷᠴᠢᠨ | ᠲᠣᠭᠤᠷᠢᠨ ᠵᠡᠷᠭᠡ ᠡᠬᠢ ᠪᠠᠶᠠᠯᠢᠭ ᠤᠨ ᠬᠢᠵᠠᠭᠠᠷᠯᠠᠯ ᠢ ᠬᠦᠢᠴᠡᠳ ᠪᠣᠳᠣᠯᠬᠢᠯᠠᠵᠤ᠂ ᠲᠠᠷᠢᠵᠤ ᠲᠡᠵᠢᠬᠡᠭᠦ ᠬᠡᠪᠴᠢᠶ᠎ᠡ᠂ | ᠲᠥᠷᠥᠯ ᠵᠦᠢᠯ ᠪᠣᠯᠤᠨ ᠣᠷᠣᠨ ᠪᠦᠰᠡ ᠶᠢ ᠵᠦᠶ ᠵᠣᠬᠢᠰᠲᠠᠶ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠶ ᠶᠢᠨ | ᠪᠣᠬᠢᠷᠲᠤᠯ ᠦᠭᠡᠶ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠰᠡᠯᠡᠭᠦᠴᠡᠯ ᠤᠨ ᠲᠠᠷᠢᠶᠠᠯᠠᠩ᠂ ᠪᠡᠶᠡᠴᠢᠯᠡᠨ | ᠣᠶᠢᠯᠠᠭᠠᠬᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ | ᠣᠨᠴᠠᠯᠢᠭᠲᠤ ᠲᠣᠰᠬᠤᠨ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠦ᠂ ᠬᠥᠬᠡᠮᠳᠦᠭ ᠨᠣᠭᠤᠭᠠᠨ | ᠠᠭᠤᠯᠠ ᠤᠰᠤ ᠶᠢ ᠰᠠᠶᠢᠲᠤᠷ ᠬᠠᠮᠠᠭᠠᠯᠠᠨ᠎ᠠ᠃ ᠣᠯᠠᠨ ᠨᠡᠶᠢᠲᠡ ᠶᠢᠨ ᠬᠥᠨᠥᠭᠡᠯ ᠦᠭᠡᠢ᠂ ᠪᠣᠬᠢᠷᠲᠤᠯ ᠦᠭᠡᠢ᠂ | ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ︽ᠭᠤᠷᠪᠠᠨ | ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠭᠡ ᠶᠢ ᠢᠳᠡᠪᠬᠢᠳᠡᠢ ᠥᠷᠨᠢᠭᠦᠯᠵᠦ᠂ ᠤᠯᠤᠰ ᠤᠨ ᠲᠡᠰ ᠤᠨ 3 | ᠵᠢᠱᠢᠶ᠎ᠡ ᠦᠵᠡᠭᠦᠯᠬᠦ ᠬᠤᠷᠰᠢᠶ᠎ᠠ᠂ ᠥᠪᠡᠷᠲᠡᠭᠡᠨ ᠵᠠᠰᠠᠬᠤ ᠣᠷᠣᠨ ᠤ ᠲᠡᠰ ᠤᠨ 10 ᠵᠢᠱᠢᠶ᠎ᠡ ᠦᠵᠡᠭᠦᠯᠬᠦ ᠬᠤᠷᠰᠢᠶ᠎ᠠ᠂ | ᠤᠯᠠᠭᠠᠨᠴᠠᠪ ᠬᠤᠲᠠ ᠶᠢᠨ ᠲᠡᠰ ᠤᠨ 15 ᠵᠢᠱᠢᠶ᠎ᠡ ᠦᠵᠡᠭᠦᠯᠬᠦ ᠬᠤᠷᠰᠢᠶ᠎ᠡ ᠶᠢ ᠰᠢᠯᠭᠠᠷᠠᠭᠤᠯᠤᠨ ᠮᠡᠳᠡᠭᠦᠯᠦᠨ᠎ᠡ᠃ | ᠤᠷᠴᠢᠭᠤᠯᠥᠬᠴᠢ᠄ ᠼᠦᠢ ᠶᠢᠩ |