| ᠨᠢᠭᠡ ᠳᠤ᠂ ᠹᠧᠩᠵᠧᠨ ᠬᠤᠲᠠ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ | ᠲᠡᠭᠡᠭᠰᠢᠯᠡᠬᠦᠯᠦᠨ ᠥᠭᠡᠷᠡᠴᠢᠯᠡᠬᠦ ᠢᠨᠵᠧᠨᠧᠷᠢᠩ ᠢ ᠪᠠᠶᠢᠭᠤᠯᠤᠨ᠎ᠠ᠃ ᠲᠥᠷᠥᠯ ᠵᠦᠢᠯ ᠤᠨ ᠶᠡᠷᠦᠩᠬᠡᠶ ᠪᠠᠯᠠ | ᠣᠷᠣᠭᠤᠯᠤᠯᠲᠠ ᠨᠢ 3303 ᠲᠦᠮᠡᠨ ᠲᠥᠭᠦᠷᠢᠭ ᠪᠣᠯᠤᠨ᠎ᠠ᠂ ᠣᠳᠣᠬᠠᠨ ᠳᠤ᠂ ᠲᠣᠰ ᠪᠥᠲᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠬᠦᠨᠵᠡᠭᠡᠶᠢᠷᠡᠭᠦᠯᠦᠨ ᠰᠢᠢᠳᠪᠦᠷᠢᠯᠡᠬᠦ ᠲᠠᠰᠤᠭ ᠢ ᠨᠢᠭᠡᠨᠲᠡ ᠡᠵᠡᠩᠨᠡᠯᠲᠡ ᠲᠤ | ᠣᠷᠣᠭᠤᠯᠵᠤ᠂ ᠤᠷ᠎ᠠ ᠮᠡᠷᠭᠡᠰᠢᠯ ᠤᠨ ᠲᠠᠯ᠎ᠠ ᠪᠠᠷ ᠡᠮ ᠬᠤᠯᠢᠵᠤ᠂ ᠬᠡᠰᠡᠭ ᠲᠠᠯ᠎ᠠ ᠪᠠᠷ ᠶᠡᠷᠦᠩᠬᠡᠶ ᠹᠣᠰᠹᠣᠷ᠂ | ᠰᠢᠪᠲᠦᠷᠲᠦ ᠠᠽᠣᠲ ᠢ ᠵᠠᠳᠠᠷᠠᠭᠤᠯᠵᠤ ᠪᠣᠯᠤᠨ᠎ᠠ᠃ ᠨᠠᠷᠢᠨ ᠰᠠᠷᠠᠯᠵᠢ ᠶᠢᠨ ᠬᠤᠭᠤᠷᠣᠨᠳᠣ᠂ ᠬᠤᠶᠢᠯᠠᠷᠠᠭ᠎ᠠ | ᠤᠷᠤᠰᠬᠠᠯ ᠤᠨ ᠡᠯᠡᠰᠦ ᠲᠤᠩᠭᠠᠬᠤ ᠲᠠᠲᠠᠭᠠᠯ᠂ ᠬᠦᠴᠢᠯᠲᠥ᠋ᠷᠥᠭᠴᠢ ᠬᠦᠯᠢᠶᠡᠬᠦ ᠦᠬᠡᠢ ᠲᠠᠲᠠᠭᠠᠯ᠂ ᠬᠤᠶᠠᠳᠠᠬᠢ | ᠲᠤᠨᠤᠮᠠᠯ ᠨᠠᠭᠤᠷ ᠵᠡᠷᠭᠡ ᠰᠢᠷᠣᠶ ᠶᠢᠨ ᠪᠠᠷᠢᠯᠭ᠎ᠠ ᠨᠢᠭᠡᠨᠲᠡ ᠳᠠᠭᠤᠰᠴᠠᠶ᠃ | ᠬᠤᠶᠠᠷ ᠲᠤ᠂ ᠡᠯᠪᠡᠭ ᠴᠠᠬᠢᠯᠭᠠᠨ ᠡᠨᠧᠷᠭᠢ ᠴᠠᠬᠢᠯᠭᠠᠨ ᠭᠠᠷᠭᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠦᠢᠯᠡᠳᠪᠦᠷᠢᠯᠡᠯ ᠤᠨ ᠬᠠᠶᠠᠭᠳᠠᠮᠠᠯ ᠤᠰᠤ ᠰᠢᠢᠳᠪᠦᠷᠢᠯᠡᠬᠦ ᠰᠢᠰᠲ᠋ᠧᠮ ᠢ ᠥᠭᠡᠷᠡᠴᠢᠯᠡᠬᠦ ᠢᠨᠵᠧᠨᠧᠷᠢᠩ ᠢ ᠪᠦᠲᠦᠭᠡᠨ | ᠪᠠᠶᠢᠭᠤᠯᠤᠨ᠎ᠠ᠃ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 1722 ᠲᠦᠮᠡᠨ ᠲᠥᠭᠦᠷᠢᠭ᠂ | ᠣᠳᠣᠬᠠᠨ ᠳᠤ᠂ ᠲᠣᠰ ᠪᠠᠷᠢᠯᠭ᠎ᠠ ᠶᠢᠨ ᠨᠡᠭᠦᠷᠡᠰᠦ ᠠᠭᠤᠯᠤᠭᠰᠠᠨ ᠬᠠᠶᠠᠭᠳᠠᠮᠠᠯ ᠤᠰᠤ ᠰᠢᠢᠳᠪᠦᠷᠢᠯᠡᠬᠦ | ᠴᠥᠭᠦᠷᠥᠮ ᠤᠨ ᠭᠠᠵᠠᠷ ᠳᠣᠤᠷᠠᠬᠢ ᠬᠡᠰᠡᠭ ᠪᠠᠷᠢᠯᠭ᠎ᠠ ᠳᠠᠭᠤᠰᠴᠤ᠂ ᠬᠦᠬᠦᠷ ᠥᠬᠡᠶᠢᠳᠡᠭᠦᠯᠦᠭᠰᠡᠨ ᠬᠠᠶᠠᠭᠳᠠᠮᠠᠯ ᠤᠰᠤ | ᠬᠠᠳᠠᠭᠠᠯᠠᠬᠤ ᠴᠥᠭᠦᠷᠥᠮ ᠤᠨ ᠭᠠᠵᠠᠷ ᠲᠤᠤᠷᠠᠬᠢ ᠤᠰᠤᠨ ᠤ ᠴᠥᠭᠦᠷᠥᠮ ᠤᠨ ᠪᠠᠷᠢᠯᠭ᠎ᠠ ᠪᠠ ᠬᠤᠶᠠᠷ ᠮᠠᠰᠢᠨ | ᠴᠣᠭᠴᠠᠯᠠᠪᠤᠷᠢ ᠶᠢᠨ ᠤᠰᠤ ᠵᠠᠯᠠᠬᠤ ᠤᠩᠭᠤᠴᠠ ᠶᠢᠨ ᠪᠠᠷᠢᠯᠭ᠎ᠠ ᠨᠢᠬᠡᠨᠳᠡ ᠳᠠᠭᠤᠰᠴᠤ᠂ ᠵᠢᠱᠢᠯᠲᠡ ᠪᠠᠷ 2020 | ᠣᠨ ᠤ 4 ᠰᠠᠷ᠎ᠠ ᠪᠤᠯᠳᠠᠯ᠎ᠠ ᠪᠦᠬᠦ ᠪᠠᠷᠢᠯᠭ᠎ᠠ ᠶᠢ ᠪᠦᠬᠦᠨ ᠢ ᠲᠠᠭᠤᠰᠬᠠᠨ᠎ᠠ᠃ | ᠭᠤᠷᠪᠠ ᠳᠤ᠂ ᠥᠪᠥᠷ ᠮᠣᠩᠭᠤᠯ ᠤᠨ ᠰᠠᠨ ᠠᠶ ᠹᠦ᠋ ᠸᠠᠨ ᠬᠤᠤ ᠹᠯᠣᠷ ᠬᠢᠮᠢ ᠶᠢᠨ ᠠᠵᠤ ᠦᠢᠯᠡᠳᠪᠦᠷᠢ ᠶᠢᠨ | ᠬᠢᠵᠠᠭᠠᠷᠲᠤ ᠺᠣᠮᠫᠠᠨᠢ ᠶᠢᠨ ᠬᠠᠶᠠᠭᠳᠠᠮᠠᠯ ᠤᠰᠤ ᠶᠢ ᠵᠠᠰᠠᠬᠤ ᠲᠥᠷᠥᠯ ᠵᠦᠢᠯ ᠢ ᠪᠠᠶᠢᠭᠤᠯᠤᠨ᠎ᠠ᠃ ᠲᠥᠷᠥᠯ ᠵᠦᠢᠯ ᠤᠨ | ᠶᠡᠷᠦᠩᠬᠡᠶ ᠪᠠᠯᠠ ᠣᠷᠣᠭᠤᠯᠤᠯᠲᠠ 2256 ᠲᠦᠮᠡᠨ ᠲᠥᠭᠦᠷᠢᠭ᠂ ᠡᠭᠦᠨ ᠳᠤ ᠹᠯᠣᠷ ᠠᠭᠤᠯᠤᠭᠰᠠᠨ ᠬᠠᠶᠠᠬᠳᠠᠮᠠᠯ | ᠤᠰᠤ ᠶᠢ ᠰᠢᠢᠳᠪᠦᠷᠢᠯᠡᠬᠦ ᠲᠥᠷᠥᠯ ᠵᠦᠢᠯ᠂ ᠪᠢᠯᠢᠭ ᠢᠶᠣᠨ ᠤ ᠭᠠᠳᠠᠷᠭᠤ ᠶᠢᠨ ᠢᠳᠡᠪᠬᠢᠵᠢᠭᠦᠯᠦᠭᠴᠢ ᠡᠳ᠋ ᠢ | ᠰᠢᠢᠳᠪᠦᠷᠢᠯᠡᠬᠦ ᠲᠥᠷᠥᠯ ᠵᠦᠢᠯ᠂ ᠭᠠᠳᠠᠭᠰᠢ ᠭᠠᠳᠠᠭᠰᠢᠯᠠᠭᠤᠯᠬᠤ ᠬᠠᠶᠠᠭᠳᠠᠮᠠᠯ ᠤᠰᠤ ᠶᠢ ᠪᠤᠴᠠᠭᠠᠨ ᠬᠡᠷᠡᠭᠯᠡᠬᠦ | ᠲᠥᠷᠥᠯ ᠵᠦᠢᠯ ᠨᠢᠭᠡᠨᠲᠡ ᠠᠰᠢᠭᠯᠠᠯᠲᠠ ᠳᠤ ᠣᠷᠣᠪᠠ᠃ | ᠳᠥᠷᠪᠡ ᠳᠤ᠂ ᠵᠢᠶ ᠲᠢᠶᠧ ᠲᠡᠮᠦᠷ ᠤᠨ ᠬᠠᠶᠢᠯᠤᠰᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ | ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠲᠥᠷᠥᠯ ᠵᠦᠢᠯ ᠤᠨ | ᠶᠡᠷᠦᠩᠬᠡᠶ ᠪᠠᠯᠠ ᠣᠷᠣᠭᠤᠯᠤᠯᠲᠠ 3600 ᠲᠦᠮᠡᠨ ᠲᠥᠭᠦᠷᠢᠭ ᠪᠠᠶᠢᠵᠤ᠂ ᠭᠤᠤᠯ ᠪᠣᠯᠬᠤ ᠪᠥᠲᠥᠭᠡᠨ | ᠪᠠᠶᠢᠭᠤᠯᠤᠯᠲᠠ ᠶᠢᠨ ᠠᠭᠤᠯᠭ᠎ᠠ᠄ ᠤᠰᠤ ᠳᠠᠮᠵᠢᠭᠤᠯᠬᠤ ᠬᠤᠭᠤᠯᠠᠶ ᠶᠢᠨ ᠲᠣᠤᠷ ᠢ 16.5 ᠺᠢᠯᠣᠮᠧᠲᠷ ᠪᠠᠶᠢᠭᠤᠯᠵᠤ᠂ | ᠬᠥᠭᠡᠷᠭᠡ ᠶᠢᠨ ᠥᠷᠲᠡᠭᠡ ᠶᠢ ᠳᠡᠭᠡᠭᠰᠢᠯᠡᠭᠦᠯᠬᠦ ᠪᠣᠯᠤᠨ᠎ᠠ᠂ ᠣᠳᠣᠬᠠᠨ ᠳᠤ ᠨᠢᠭᠡᠨᠲᠡ ᠪᠠᠶᠢᠭᠤᠯᠵᠤ ᠳᠠᠭᠤᠰᠬᠠᠨ | ᠠᠰᠢᠭᠯᠠᠯᠲᠠ ᠳᠤ ᠣᠷᠣᠭᠤᠯᠪᠠ᠃ | ᠤᠷᠴᠢᠭᠤᠯᠤᠬᠴᠢ᠄ ᠼᠦᠢ ᠶᠢᠩ |