| ᠹᠧᠩᠵᠧᠨ ᠬᠤᠲᠠ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ | ᠴᠢᠩᠭᠠᠷᠠᠭᠤᠯᠬᠤ ᠪᠠᠷ ᠬᠠᠷᠠᠯᠲᠠ ᠪᠣᠯᠭᠠᠵᠤ᠂ ᠬᠠᠶᠢᠯᠤᠰᠢ ᠶᠢᠨ ᠠᠵᠤ ᠦᠢᠯᠡᠰ ᠲᠠᠬᠢ ᠰᠢᠨ᠎ᠡ ᠮᠡᠷᠭᠡᠵᠢᠯ ᠢ | ᠳᠡᠯᠭᠡᠷᠡᠭᠦᠯᠦᠨ ᠬᠡᠷᠡᠭᠯᠡᠬᠦ ᠶᠢ ᠠᠬᠢᠭᠤᠯᠵᠤ᠂ ᠵᠢᠶ ᠲᠢᠶᠧ ᠨᠢᠭᠡᠳᠦᠭᠡᠷ ᠬᠤᠭᠤᠴᠠᠭᠠᠨ ᠤ ᠦᠢᠯᠡᠳᠪᠦᠷᠢᠯᠡᠯ ᠤᠨ ᠦᠷ᠎ᠡ | ᠪᠦᠲᠦᠮᠵᠢ ᠳᠤ ᠬᠦᠷᠭᠡᠬᠦ᠂ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ | ᠪᠠᠶᠢᠭᠤᠯᠬᠤ ᠶᠢ ᠦᠨᠡᠨ ᠬᠦ ᠪᠠᠲᠤᠯᠠᠨ᠎ᠠ︔ ᠰᠢᠨ ᠲᠠᠢ᠂ ᠷᠦᠢ ᠬᠤᠤ᠂ ᠫᠦ ᠶᠤᠸᠠᠨ᠂ ᠵᠢᠩ ᠯᠸᠢ ᠵᠡᠷᠭᠡ ᠺᠣᠮᠫᠠᠨᠢ ᠶᠢᠨ | ᠢᠵᠢ ᠪᠥᠷᠢᠳᠦᠭᠰᠡᠨ ᠬᠠᠶᠢᠯᠤᠰᠢ ᠶᠢ ᠭᠦᠨ ᠡᠳ᠋ᠰᠢᠭᠦᠯᠬᠦ ᠲᠥᠷᠥᠯ ᠵᠦᠢᠯ ᠪᠠᠶᠢᠭᠤᠯᠬᠤ ᠶᠢ ᠠᠬᠢᠭᠤᠯᠵᠤ᠂ ᠴᠠᠬᠢᠯᠭᠠᠨ | ᠵᠤᠤᠬ᠎ᠠ ᠶᠢᠨ ᠰᠡᠭᠦᠯ ᠤᠨ ᠬᠡᠢ ᠪᠠᠷ ᠴᠠᠬᠢᠯᠭᠠᠨ ᠭᠠᠷᠭᠠᠬᠤ᠂ ᠶᠡᠷᠦᠩᠬᠡᠶᠢᠯᠡᠨ ᠠᠰᠢᠭᠯᠠᠬᠤ ᠵᠡᠷᠭᠡ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠪᠠ︔ ᠰᠢᠨ᠎ᠡ ᠲᠠᠶᠢᠶᠤᠸᠠᠨ ᠤ 80 ᠲᠦᠮᠡᠨ ᠲᠣᠨ ᠥᠨᠳᠥᠷ ᠨᠡᠭᠦᠷᠡᠰᠦᠲᠥ᠋ᠷᠥᠭᠴᠢᠲᠦ | ᠾᠷᠣᠮ ᠲᠡᠮᠦᠷ ᠢ ᠨᠢᠭᠡᠳᠦᠭᠡᠷ ᠬᠤᠭᠤᠴᠠᠭᠠᠨ ᠳᠤ ᠠᠰᠢᠭᠯᠠᠯᠲᠠ ᠳᠤ ᠣᠷᠣᠭᠤᠯᠬᠤ᠂ ᠲᠠᠢ ᠭᠠᠩ ᠲᠠᠢ ᠬᠠᠮᠲᠤᠷᠠᠨ | 400 ᠰᠢᠷᠢᠰ ᠵᠢᠪᠡᠷᠡᠬᠦ ᠦᠭᠡᠢ ᠪᠣᠯᠣᠳ ᠢ ᠦᠢᠯᠡᠳᠪᠦᠷᠢᠯᠡᠬᠦ ᠲᠥᠷᠥᠯ ᠵᠦᠢᠯ ᠤᠨ ᠠᠵᠢᠯ ᠢ ᠡᠬᠢᠯᠡᠭᠦᠯᠦᠨ ᠪᠦᠲᠦᠭᠡᠨ | ᠪᠠᠶᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠵᠦ᠂ ᠱᠠᠩ ᠲᠠᠢ ᠶᠢᠨ ᠵᠠᠭᠠᠳᠠᠰᠤ ᠦᠭᠡᠢ ᠪᠣᠯᠣᠳ ᠬᠤᠭᠤᠯᠠᠢ ᠶᠢᠨ | ᠲᠥᠷᠥᠯ ᠵᠦᠢᠯ ᠤᠨ ᠦᠢᠯᠡᠳᠪᠦᠷᠢᠯᠡᠯ ᠳᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠵᠤ᠂ ᠵᠢᠪᠡᠷᠡᠬᠦ ᠦᠭᠡᠢ | ᠪᠣᠯᠣᠳ ᠪᠦᠲᠦᠭᠡᠭᠳᠡᠬᠦᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ | ᠺᠢᠷᠬᠢᠽᠰᠲ᠋ᠠᠨ ᠨᠡᠭᠦᠷᠡᠰᠦᠳᠦᠷᠦᠭᠴᠢ ᠶᠢᠨ ᠶᠡᠭᠡ ᠪᠠᠷᠢᠮᠵᠢᠶᠠᠲᠤ ᠬᠡᠲᠦ ᠥᠨᠳᠥᠷ ᠴᠢᠳᠠᠮᠵᠢᠳᠤ ᠪᠠᠯ ᠴᠢᠯᠠᠭᠤᠨ ᠰᠢᠷᠢᠰ | ᠪᠦᠲᠦᠭᠡᠭᠳᠡᠬᠦᠨ ᠤ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠭᠦᠸᠧ ᠹᠧᠩ᠂ ᠬᠤᠩ ᠱᠧᠩ᠂ | ᠲᠢᠶᠠᠨ ᠶᠤᠸᠠᠨ᠂ ᠰᠢᠨ ᠴᠧᠩ ᠵᠡᠷᠭᠡ 4 ᠨᠡᠭᠦᠷᠡᠰᠦᠳᠦᠷᠦᠭᠴᠢ ᠶᠢᠨ ᠠᠵᠤ ᠠᠬᠤᠶᠢᠯᠠᠯ ᠢ ᠨᠡᠶᠢᠯᠡᠭᠦᠯᠦᠨ ᠳᠠᠬᠢᠨ | ᠵᠣᠬᠢᠶᠠᠨ ᠪᠠᠶᠢᠭᠤᠯᠬᠤ ᠶᠢ ᠠᠬᠢᠭᠤᠯᠵᠤ᠂ ᠨᠡᠭᠦᠷᠡᠰᠦᠳᠦᠷᠦᠭᠴᠢ ᠶᠢᠨ ᠦᠢᠯᠡᠳᠪᠦᠷᠢᠡᠯᠯ ᠤᠨ ᠪᠥᠬᠦ ᠠᠵᠢᠯ ᠤᠨ ᠳᠡᠰ | ᠳᠠᠷᠠᠭ᠎ᠠ ᠶᠢ ᠪᠡᠶᠡᠯᠡᠭᠦᠯᠵᠦ᠂ ᠨᠡᠭᠦᠷᠡᠰᠦᠳᠦᠷᠦᠭᠴᠢ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠎ᠡ᠃ ᠠᠦ᠋ᠰᠳ᠋ᠷᠢᠶ᠎ᠠ ᠹᠯᠣᠷᠲᠤ ᠪᠦᠷᠢᠨ ᠹᠯᠣᠷᠲᠤ ᠠᠭᠤᠰᠤᠮᠠᠯ ᠡᠳ᠋᠂ ᠬᠠᠶ ᡂᠢ ᠮᠥᠩᠭᠦᠨ | ᠤᠰᠤ ᠦᠭᠡᠢ ᠲᠦᠷᠭᠡᠳᠬᠡᠭᠦᠷ ᠵᠡᠷᠭᠡ ᠰᠢᠨ᠎ᠡ ᠮᠠᠶ᠋ᠢᠭ ᠤᠨ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ | ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠵᠤ᠂ ᠱᠦᠸᠧ ᠹᠧᠩ ᠤᠨ ᠬᠠᠶᠠᠭᠳᠠᠮᠠᠯ | ᠰᠢᠭᠠᠷᠤ ᠶᠢ ᠰᠢᠢᠳᠪᠦᠷᠢᠯᠡᠬᠦ᠂ ᠲᠠᠶᠢᠱᠠᠨ ᠤ ᠵᠤᠭᠠᠩ ᠬᠠᠪᠲᠠᠰᠤ᠂ ᠰᠢᠨ᠎ᠡ ᠠᠦ᠋ᠰᠳ᠋ᠷᠢᠶ᠎ᠠ ᠠᠭᠤᠷᠬᠠᠢ ᠶᠢᠨ ᠢᠯᠴᠢ ᠶᠢᠨ | ᠵᠤᠤᠬ᠎ᠠ ᠶᠢᠨ ᠨᠡᠭᠦᠷᠡᠰᠦᠨ ᠬᠡᠢ ᠶᠢ ᠶᠡᠷᠤᠩᠭᠡᠶᠢᠯᠡᠨ ᠠᠰᠢᠭᠯᠠᠬᠤ ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠠᠰᠢᠭᠯᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠬᠢ | ᠪᠠᠶᠠᠯᠢᠭ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | | ᠤᠷᠴᠢᠭᠤᠯᠤᠬᠴᠢ᠄ ᠼᠦᠢ ᠶᠢᠩ |