ᠹᠧᠩᠵᠧᠨ ᠬᠤᠲᠠ ᠣᠳᠣ ᠦᠶ᠎ᠡ ᠶᠢᠨ ᠪᠠᠷᠠᠭ᠎ᠠ ᠶᠢᠨ ᠬᠦᠢᠯᠭᠡᠭᠡᠨ ᠤ ᠦᠢᠯᠡᠰ ᠢᠶᠠᠷ ᠭᠠᠷᠳᠠᠴᠠ ᠪᠣᠯᠭᠠᠵᠤ ᠠᠵᠤ ᠠᠬᠤᠢ ᠶᠢᠨ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2020-04-03
     ᠹᠧᠩᠵᠧᠨ ᠬᠤᠲᠠ ᠤᠯᠠᠭᠠᠨᠴᠠᠪ ᠤᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ ᠬᠦᠢᠰᠦ ᠬᠤᠲᠠ ᠶᠢᠨ ᠲᠠᠭᠠᠭᠠᠴᠢ ᠬᠤᠲᠠ ᠶᠢ ᠪᠦᠲᠦᠭᠡᠨ ᠪᠠᠶᠢᠭᠤᠯᠬᠤ ᠲᠣᠬᠢᠶᠠᠯ ᠢ ᠵᠠᠪᠳᠤᠨ᠂ ᠲᠣᠮᠣ ᠬᠡᠯᠪᠡᠷᠢ ᠶᠢᠨ ᠪᠠᠷᠠᠭ᠎ᠠ ᠶᠢᠨ ᠭᠦᠢᠯᠭᠡᠭᠡᠨ ᠤ ᠠᠵᠤ ᠠᠬᠤᠶᠢᠯᠠᠯ ᠢ ᠢᠳᠡᠪᠬᠢᠲᠡᠢ ᠣᠷᠣᠭᠤᠯᠤᠨ ᠠᠪᠴᠢᠷᠠᠵᠤ᠂ ᠲᠣᠰ ᠭᠠᠵᠠᠷ ᠤᠨ ᠦᠢᠯᠡᠳᠪᠦᠷᠢᠯᠡᠯ ᠤᠨ ᠠᠵᠤ ᠠᠬᠤᠶᠢᠯᠠᠯ ᠬᠢᠭᠡᠳ ᠪᠠᠷᠠᠭ᠎ᠠ ᠶᠢᠨ ᠭᠦᠢᠯᠭᠡᠭᠡᠨ ᠤ ᠠᠵᠤ ᠠᠬᠤᠶᠢᠯᠠᠯ ᠤᠨ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠬᠤ ᠶᠢ ᠲᠦᠯᠬᠢᠨ ᠠᠬᠢᠭᠤᠯᠵᠤ᠂ ᠭᠤᠷᠪᠠᠨ ᠴᠠᠬᠢᠯᠭᠠᠨ ᠤ  ᠦᠢᠯᠡᠳᠪᠦᠷᠢ ᠶᠢᠨ ᠣᠳᠣ ᠪᠠᠶᠢᠭ᠎ᠠ ᠲᠡᠮᠦᠷ ᠵᠠᠮ ᠤᠨ ᠱᠤᠭᠤᠮ ᠪᠠ ᠤᠯᠠᠭᠠᠨ ᠰᠢᠷᠣᠢ ᠶᠢᠨ ᠬᠠᠰᠢᠯᠭ᠎ᠠ ᠶᠢᠨ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠤᠨ ᠰᠠᠭᠤᠷᠢ ᠶᠢ ᠠᠰᠢᠭᠯᠠ᠂ ᠵᠠᠰᠠᠮᠠᠯ ᠵᠠᠮ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ ᠶᠢ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠪᠠᠷᠠᠭ᠎ᠠ ᠶᠢᠨ ᠭᠦᠢᠯᠭᠡᠭᠡᠨ ᠤ ᠥᠪᠡᠷ ᠤᠨ ᠥᠷᠲᠡᠭ ᠢ ᠪᠦᠲᠦᠮᠵᠢᠲᠡᠢ ᠪᠠᠭᠤᠷᠠᠭᠤᠯᠵᠤ᠂ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠ ᠦᠢᠯᠡᠳᠬᠦᠨ ᠤ ᠥᠷᠲᠡᠭ ᠢ ᠨᠡᠮᠡᠭᠳᠡᠭᠦᠯᠬᠦ ᠶᠢ ᠪᠡᠶᠡᠯᠡᠬᠦᠯᠪᠡ᠃ ᠭᠤᠷᠪᠠᠳᠤᠭᠠᠷ ᠡᠲᠡᠭᠡᠳ ᠤᠨ ᠪᠠᠷᠠᠭ᠎ᠠ ᠶᠢᠨ ᠬᠦᠢᠯᠭᠡᠭᠡᠨ ᠤ ᠠᠵᠤ ᠠᠬᠤᠶᠢᠯᠠᠯ ᠤᠨ ᠹᠧᠩᠵᠧᠨ ᠬᠤᠲᠠ ᠳᠤ ᠬᠤᠳᠠᠯᠳᠤᠨ ᠠᠪᠬᠤ ᠪᠠ ᠲᠤᠬᠢᠷᠠᠭᠤᠯᠤᠨ ᠬᠦᠷᠭᠡᠬᠦ ᠲᠥᠪ ᠪᠠᠶᠢᠭᠤᠯᠬᠤ ᠶᠢ ᠵᠣᠷᠢᠭᠵᠢᠭᠤᠯᠵᠤ᠂ ᠬᠠᠶᠢᠯᠤᠰᠢ᠂ ᠲᠡᠭᠡᠳᠤ ᠲᠡᠰ ᠤᠨ ᠬᠢᠮᠢ ᠶᠢᠨ ᠠᠵᠤ ᠦᠢᠯᠡᠳᠪᠦᠷᠢ ᠵᠡᠷᠭᠡ ᠭᠠᠷᠳᠠᠮ ᠭᠦᠶ᠋ᠴᠡᠳᠬᠡᠬᠦ ᠬᠥᠮᠥᠷᠭᠡ ᠶᠢᠨ ᠲᠤᠰᠬᠠᠶ ᠵᠠᠬ᠎ᠠ ᠳᠡᠯᠭᠡᠭᠦᠷ ᠤᠨ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠪᠤᠶᠢᠵᠢᠭᠤᠯᠵᠤ᠂ ᠵᠢᠩ ᠳ᠋ᠦᠩ᠂ ᠰᠦ ᠨᠢᠩ ᠵᠡᠷᠭᠡ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠯᠤᠭ᠎ᠠ ᠵᠣᠯᠭᠠᠭᠤᠯᠵᠤ ᠬᠠᠮᠲᠤᠷᠠᠯᠴᠠᠬᠤ ᠶᠢ ᠴᠢᠩᠭᠠᠳᠬᠠᠨ᠂ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠶᠢ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠪᠠ ᠬᠥᠳᠡᠭᠡ ᠲᠣᠰᠬᠤᠨ ᠤ ᠬᠥᠭᠵᠢᠯᠲᠡ ᠳᠤ ᠨᠠᠩ ᠰᠠᠶᠢᠨ ᠦᠢᠯᠡᠴᠢᠯᠡᠨ᠎ᠡ᠃                            ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3