| ᠮᠠᠨ ᠤ ᠬᠤᠲᠠ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠥᠨᠳᠥᠷ ᠳᠤᠮᠳᠠᠳᠤ ᠶᠢᠨ | ᠭᠤᠷᠪᠠᠳᠤᠭᠠᠷ ᠤᠨ᠂ ᠠᠩᠬ᠎ᠠ ᠳᠤᠮᠳᠠᠳᠤ ᠶᠢᠨ ᠭᠤᠷᠪᠠᠳᠤᠭᠠᠷ ᠣᠨ ᠤ ᠰᠤᠷᠤᠯᠭ᠎ᠠ ᠰᠡᠷᠭᠦᠭᠡᠬᠦ ᠶᠢ ᠳᠠᠭᠠᠯᠳᠤᠨ᠂ ᠬᠢᠵᠢᠭ ᠤᠨ | ᠪᠠᠶᠢᠳᠠᠯ ᠤᠨ ᠬᠤᠭᠤᠴᠠᠭᠠᠨ ᠳᠠᠬᠢ ᠥᠷᠭᠡᠨ ᠣᠯᠠᠨ ᠪᠠᠭᠰᠢ ᠰᠤᠷᠤᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠢ | ᠪᠠᠳᠤᠯᠠᠬᠤ ᠶᠢᠨ ᠲᠥᠯᠥᠭᠡ᠂ ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ︽2020 ᠣᠨ ᠤ ᠪᠥᠬᠦ ᠬᠤᠲᠠ ᠶᠢᠨ ᠬᠠᠪᠤᠷ ᠤᠨ | ᠤᠯᠠᠷᠢᠯ ᠤᠨ ᠰᠤᠷᠭᠠᠭᠤᠯᠢ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢᠨ ᠠᠵᠢᠯ ᠢ | ᠬᠠᠮᠲᠤᠷᠠᠨ ᠥᠷᠨᠢᠭᠦᠯᠬᠦ ᠲᠤᠬᠠᠶ ᠮᠡᠳᠡᠭᠳᠡᠯ︾ ᠢ ᠦᠨᠳᠦᠰᠦᠯᠡᠨ᠂ 3 ᠰᠠᠷ᠎ᠠ ᠶᠢᠨ 30 ᠤ ᠡᠳᠦᠷ᠂ ᠹᠧᠩᠵᠧᠨ ᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠬᠢᠴᠢᠶᠡᠯ ᠰᠡᠷᠭᠦᠭᠡᠬᠦ ᠰᠤᠷᠭᠠᠭᠤᠯᠢ ᠳᠤ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠬᠢᠪᠠ᠃ | | ᠲᠣᠰ ᠤᠳᠠᠭᠠᠨ ᠤ ᠪᠠᠶᠢᠴᠠᠭᠠᠯᠲᠠ ᠶᠢᠨ ᠠᠭᠤᠯᠭ᠎ᠠ ᠳᠤ ᠭᠤᠤᠯᠳᠠᠭᠤ᠄ ᠰᠤᠷᠭᠠᠭᠤᠯᠢ ᠶᠢᠨ ᠬᠤᠭᠤᠯᠠᠨ ᠬᠡᠷ ᠤᠨ | ᠠᠵᠢᠯᠯᠠᠬᠴᠢ ᠶᠢᠨ ᠡᠷᠡᠭᠦᠯ ᠮᠡᠨᠳᠦ ᠶᠢᠨ ᠲᠠᠩᠰᠠ ᠡᠪᠬᠡᠮᠡᠯ ᠵᠢᠴᠢ ᠬᠠᠮᠢᠶᠠᠷᠤᠯᠲᠠ᠂ ᠪᠠᠷᠠᠭ᠎ᠠ ᠣᠷᠣᠭᠤᠯᠬᠤ ᠪᠠᠶᠢᠴᠠᠭᠠᠯᠳᠠ᠂ | ᠥᠷᠯᠥᠭᠡ ᠶᠢᠨ ᠪᠠᠶᠢᠴᠠᠭᠠᠯᠲᠠ᠂ ᠢᠳᠡᠭᠡᠨ ᠤ ᠥᠯᠢᠭᠡᠷ ᠶᠠᠩᠵᠤ ᠦᠯᠡᠳᠡᠭᠡᠬᠦ ᠵᠡᠷᠭᠡ ᠡᠯ᠎ᠡ ᠵᠦᠢᠯ ᠤᠨ ᠲᠦᠷᠢᠮ ᠢ | ᠨᠠᠶᠢᠳᠠᠪᠤᠷᠢᠵᠢᠭᠤᠯᠤᠭᠰᠠᠨ ᠪᠠᠶᠢᠳᠠᠯ᠂ ᠢᠳᠡᠭᠡᠨ ᠡᠳ᠋ᠰᠢᠭᠦᠯᠬᠦ ᠲᠠᠯᠠᠪᠤᠷ ᠤᠨ ᠡᠷᠡᠭᠦᠯ ᠬᠠᠮᠠᠭᠠᠯᠠᠯ ᠤᠨ ᠪᠠᠶᠢᠳᠠᠯ᠂ ᠢᠳᠡᠭᠡᠨ ᠤ | ᠨᠡᠮᠡᠯᠲᠡ ᠡᠳ᠋ ᠤᠨ ᠬᠡᠷᠡᠭᠯᠡᠯᠲᠡ ᠬᠠᠮᠢᠶᠠᠷᠤᠯᠲᠠ ᠵᠡᠷᠭᠡ ᠪᠠᠭᠲᠠᠨ᠎ᠠ᠃ ᠪᠠᠰᠠ ᠡᠯ᠎ᠡ ᠰᠤᠷᠭᠠᠭᠤᠯᠢ ᠶᠢᠨ ᠬᠤᠭᠤᠯᠠᠨ ᠭᠡᠷ ᠤᠨ | ᠡᠯ᠎ᠡ ᠵᠦᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠪᠠᠶᠢᠴᠠᠭᠠᠯᠲᠠ ᠬᠢᠪᠡ᠂ ᠡᠭᠦᠨ ᠳᠤ᠄ ᠬᠤᠭᠤᠯᠠᠨ ᠭᠡᠷ ᠤᠨ ᠬᠥᠮᠦᠰ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ | ᠮᠡᠳᠡᠯᠭᠡ ᠶᠢᠨ ᠪᠤᠯᠪᠠᠰᠤᠷᠠᠭᠤᠯᠤᠯ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠠᠵᠢᠯᠯᠠᠬᠤ ᠲᠠᠯᠠᠪᠤᠷ ᠪᠣᠯᠤᠨ ᠢᠳᠡᠭᠡᠨ | ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠬᠤ᠂ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ︵ᠠᠮᠠ ᠶᠢᠨ | ᠪᠦᠲᠡᠭᠡᠯᠭᠡ᠂ ᠪᠡᠭᠡᠯᠡᠶ᠂ ᠳᠤᠯᠠᠭᠠᠨ ᠢ ᠬᠡᠮᠵᠢᠬᠦ ᠫᠤᠤ᠂ ᠠᠷᠢᠭᠤᠳᠬᠠᠬᠤ ᠰᠢᠩᠭᠡᠨ ᠵᠡᠷᠭᠡ︶ ᠶᠢ ᠨᠥᠭᠡᠴᠡᠯᠡᠭᠰᠡᠨ ᠪᠠᠶᠢᠳᠠᠯ ᠵᠢᠴᠢ | ᠰᠤᠷᠤᠭᠴᠢᠳ ᠤᠨ ᠬᠤᠭᠤᠯᠠ ᠢᠳᠡᠬᠦ ᠠᠷᠭ᠎ᠠ ᠮᠠᠶ᠋ᠢᠭ ᠲᠤ ᠬᠤᠪᠢᠶᠠᠨ ᠬᠤᠭᠤᠯᠠᠯᠠᠬᠤ ᠳᠦᠷᠢᠮ ᠢ ᠬᠡᠷᠡᠭᠵᠢᠭᠦᠯᠦᠭᠰᠡᠨ ᠡᠰᠡᠬᠦ | ᠵᠡᠷᠭᠡ ᠪᠠᠭᠲᠠᠨ᠎ᠠ᠃ | | ᠡᠭᠦᠨ ᠤ ᠬᠠᠮᠲᠤ᠂ ᠬᠢᠴᠢᠶᠡᠯ ᠰᠡᠷᠭᠦᠭᠡᠭᠰᠡᠨ ᠡᠯ᠎ᠡ ᠰᠤᠷᠭᠠᠭᠤᠯᠢ ᠶᠢᠨ ᠬᠠᠷᠢᠭᠤᠴᠠᠯᠭᠠᠲᠠᠨ ᠪᠠᠰᠠ ︽ᠢᠳᠡᠭᠡᠨ ᠤ | ᠠᠮᠤᠷ ᠲᠦᠪᠰᠢᠨ ᠤ ᠠᠮᠠᠯᠠᠯᠲᠠ ᠶᠢᠨ ᠪᠢᠴᠢᠭ︾ ᠲᠣᠭᠲᠠᠪᠠ᠃ ᠮᠠᠨ ᠤ ᠲᠣᠪᠴᠢᠶ᠎ᠠ ᠡᠯ᠎ᠡ ᠬᠤᠭᠤᠯᠠᠨ ᠭᠡᠷ ᠤᠨ ᠢᠳᠡᠭᠡᠨ | ᠤᠮᠳᠠᠭᠠᠨ ᠤ ᠦᠢᠯᠡᠴᠢᠯᠡᠭᠡ ᠶᠢᠨ ᠬᠡᠮᠵᠢᠶᠡᠯᠡᠭᠰᠡᠨ ᠲᠡᠰ ᠲᠤ ᠦᠨᠡᠯᠡᠨ ᠲᠣᠭᠲᠠᠭᠠᠯᠲᠠ ᠬᠢᠪᠡ᠃ ᠮᠠᠨ ᠤ ᠲᠣᠪᠴᠢᠶ᠎ᠠ ᠶᠢᠨ | ᠢᠳᠡᠭᠡᠨ ᠪᠠ ᠡᠮ ᠤᠨ ᠵᠦᠢᠯ ᠤᠨ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠲᠥᠪ ᠪᠠᠰᠠ ᠲᠤᠰᠬᠠᠶ ᠮᠡᠷᠭᠡᠵᠢᠯ ᠤᠨ | ᠴᠢᠨᠠᠷᠲᠠᠶ ᠠᠵᠢᠯᠲᠠᠨ ᠲᠣᠮᠢᠯᠠᠨ ᠰᠤᠷᠭᠠᠭᠤᠯᠢ ᠶᠢᠨ ᠬᠤᠭᠤᠯᠠᠨ ᠭᠡᠷ ᠤᠨ ᠬᠤᠳᠠᠯᠳᠤᠨ ᠠᠪᠤᠬᠰᠠᠨ ᠡᠯ᠎ᠡ ᠲᠥᠷᠥᠯ ᠤᠨ | ᠢᠳᠡᠰᠢᠨ ᠨᠣᠭᠤᠭ᠎ᠠ᠂ ᠢᠳᠡᠰᠢᠨ ᠲᠣᠰᠣ᠂ ᠮᠢᠬᠠᠨ ᠤ ᠵᠦᠢᠯ᠂ ᠳ᠋ᠧᠦᠹᠦ᠋ ᠵᠢᠴᠢ ᠢᠳᠡᠭᠡᠨ ᠤᠮᠳᠠᠭᠠᠨ ᠤ ᠪᠠᠭᠠᠵᠢ | ᠬᠡᠷᠡᠭᠰᠡᠯ ᠤᠨ ᠠᠷᠢᠭᠤᠨ ᠴᠡᠪᠡᠷ ᠤᠨ ᠬᠡᠮᠵᠢᠶ᠎ᠡ ᠵᠡᠷᠭᠡ ᠳᠤ ᠲᠦᠷᠭᠡᠨ ᠰᠢᠯᠭᠠᠨ ᠪᠠᠶᠢᠴᠠᠭᠠᠯᠳᠠ ᠬᠢᠯᠭᠡᠵᠦ᠂ ᠬᠢᠷᠢ ᠲᠡᠩᠴᠡᠭᠰᠡᠨ | ᠨᠣᠷᠮ᠎ᠠ ᠨᠢ ᠴᠥᠮ 99% ᠠᠴᠠ ᠳᠡᠭᠡᠭᠰᠢ ᠳᠤ ᠬᠦᠷᠦᠭᠰᠡᠨ ᠪᠠᠶᠢᠨ᠎ᠠ᠃ ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ | ᠠᠰᠠᠭᠤᠳᠠᠯ ᠳᠤ ᠴᠥᠮ ᠬᠠᠮᠢᠶ᠎ᠠ ᠪᠥᠬᠦᠶ ᠬᠠᠤᠯᠢ ᠴᠠᠭᠠᠵᠠ ᠶᠢ ᠦᠨᠳᠦᠰᠦᠯᠡᠨ ᠨᠢᠭᠡᠨᠲᠡ ︽ᠵᠠᠷᠯᠢᠭᠳᠠᠨ ᠴᠡᠭᠴᠡᠯᠡᠨ | ᠰᠠᠶᠢᠵᠢᠷᠠᠭᠤᠯᠬᠤ ᠮᠡᠳᠡᠭᠳᠡᠯ ᠤᠨ ᠪᠢᠴᠢᠭ︾ ᠵᠢᠴᠢ ᠬᠠᠤᠯᠢ ᠴᠠᠭᠠᠵᠠ ᠶᠢᠨ ᠪᠢᠴᠢᠭ ᠪᠠᠭᠤᠯᠭᠠᠵᠤ᠂ ᠬᠤᠭᠤᠴᠠᠭ᠎ᠠ ᠬᠢᠵᠠᠭᠠᠷᠯᠠᠨ | ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ | | | | ᠬᠤᠶᠢᠰᠢᠳᠠ᠂ ᠮᠠᠨ ᠤ ᠲᠣᠪᠴᠢᠶ᠎ᠠ ᠰᠤᠷᠭᠠᠭᠤᠯᠢ ᠡᠬᠢᠯᠡᠵᠦ ᠬᠢᠴᠢᠶᠡᠯ ᠰᠡᠷᠭᠦᠭᠡᠭᠰᠡᠨ ᠤ ᠳᠠᠷᠠᠭᠠᠬᠢ ᠢᠳᠡᠭᠡᠨ | ᠤᠮᠳᠠᠭᠠᠨ ᠤ ᠠᠮᠤᠷ ᠲᠦᠪᠰᠢᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠬᠦᠯᠵᠢᠯᠡᠨ | ᠴᠢᠩᠭᠠᠳᠬᠠᠵᠤ᠂ ᠡᠯ᠎ᠡ ᠰᠤᠷᠭᠠᠭᠤᠯᠢ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠨᠠᠶᠢᠳᠠᠪᠤᠷᠢᠵᠢᠭᠤᠯᠵᠤ᠂ | ᠡᠳᠦᠷ ᠪᠦᠷᠢ ᠢᠳᠡᠭᠡᠨ ᠤ ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ ᠬᠢᠵᠦ᠂ ᠴᠢᠩᠭ᠎ᠠ ᠰᠡᠷᠭᠡᠶᠢᠯᠡᠨ ᠬᠢᠵᠠᠭᠠᠷᠯᠠᠵᠤ᠂ | ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠱᠠᠭᠠᠷᠳᠠᠪᠠ᠃ | ᠤᠷᠴᠢᠭᠤᠯᠤᠬᠴᠢ᠄ ᠼᠦᠢ ᠶᠢᠩ | |