| ᠬᠠᠪᠤᠷ ᠴᠠᠭ ᠪᠤᠯᠵᠦ᠂ ᠲᠦᠮᠡᠨ ᠪᠣᠳᠠᠰ ᠠᠮᠢᠯᠠᠨ᠎ᠠ᠃ ᠠᠩᠬ᠎ᠠ ᠳᠤᠮᠳᠠᠳᠤ ᠶᠢᠨ ᠭᠤᠷᠪᠠᠳᠤᠭᠠᠷ ᠤᠨ᠂ ᠦᠨᠳᠦᠷ | ᠲᠤᠮᠳᠠᠳᠤ ᠶᠢᠨ ᠭᠤᠷᠪᠠᠳᠤᠭᠠᠷ ᠣᠨ ᠤ ᠬᠡᠤᠬᠡᠳ ᠲᠤ ᠠᠪᠴᠤ ᠬᠡᠯᠡᠪᠡᠯ᠂ ᠦᠨᠦ ᠶᠠᠭ ᠠᠩᠬ᠎ᠠ ᠵᠡᠷᠭᠡ ᠶᠢᠨ᠂ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠴᠠᠬᠤ ᠱᠠᠲᠤᠨ ᠤ ᠡᠴᠦᠰ ᠤᠨ ᠰᠢᠪᠲᠤᠯᠤᠯᠲᠠ ᠶᠢᠨ ᠦᠶ᠎ᠡ ᠳᠤ ᠤᠷᠤᠪᠠ᠃ | ᠬᠢᠵᠢᠭ ᠤᠨ ᠪᠠᠶᠢᠳᠠᠯ ᠢ ᠬᠢᠵᠠᠭᠠᠷᠯᠠᠭᠰᠠᠨ ᠤᠷᠢᠲᠠᠯ ᠳᠣᠣᠷ᠎ᠠ᠂ ᠲᠠᠭᠡᠳᠤ ᠱᠠᠲᠤᠨ ᠤ ᠨᠢᠭᠡᠳᠦᠯᠲᠡᠢ ᠲᠤᠬᠢᠷᠠᠭᠤᠯᠤᠯᠳᠠ | ᠪᠠᠶᠢᠷᠢᠯᠠᠭᠤᠯᠤᠯᠲᠠ ᠶᠢ ᠦᠨᠳᠦᠰᠦᠯᠡᠨ᠂ ᠮᠠᠨ ᠤ ᠬᠤᠲᠠ ᠶᠢᠨ ᠡᠯ᠎ᠡ ᠳᠤᠮᠳᠠᠳᠤ ᠰᠤᠷᠭᠠᠭᠤᠯᠢ ᠶᠢᠨ ᠠᠩᠬ᠎ᠠ ᠵᠡᠷᠭᠡ ᠶᠢᠨ | ᠭᠤᠷᠪᠠᠳᠤᠭᠠᠷ ᠣᠨ᠂ ᠥᠨᠳᠥᠷ ᠳᠤᠮᠳᠠᠳᠤ ᠶᠢᠨ ᠭᠤᠷᠪᠠᠳᠤᠭᠠᠷ ᠤᠨ ᠤ ᠰᠤᠷᠤᠬᠴᠢᠳ 3 ᠰᠠᠷ᠎ᠠ ᠶᠢᠨ 30 ᠤ ᠡᠳᠦᠷ ᠠᠴᠠ | ᠡᠬᠢᠯᠡᠨ ᠵᠢᠩᠬᠢᠨᠢ ᠪᠠᠷ ᠬᠢᠴᠢᠶᠡᠯ ᠰᠡᠷᠭᠦᠭᠡᠪᠡ᠃ | | ᠹᠧᠩᠵᠧᠨ ᠨᠢᠭᠡᠳᠦᠭᠡᠷ ᠳᠤᠮᠳᠠᠳᠤ ᠰᠤᠷᠭᠠᠭᠤᠯᠢ ᠳᠤ ᠠᠩᠬ᠎ᠠ ᠳᠤᠮᠳᠠᠳᠤ ᠶᠢᠨ ᠭᠤᠷᠪᠠᠳᠤᠭᠠᠷ ᠤᠨ᠂ ᠦᠨᠳᠤᠷ | ᠲᠤᠮᠳᠠᠳᠤ ᠶᠢᠨ ᠮᠢᠩᠭ᠎ᠠ ᠬᠤᠶᠠᠷ ᠵᠠᠭᠤ ᠭᠠᠷᠤᠶ ᠰᠤᠷᠤᠭᠴᠢ ᠰᠤᠷᠭᠠᠭᠤᠯᠢ ᠶᠢᠨ ᠬᠦᠷᠢᠶᠡᠨ ᠳᠡᠭᠡᠨ ᠪᠤᠴᠠᠵᠤ ᠢᠷᠡᠪᠡ᠃ ᠪᠠᠭᠰᠢ | ᠰᠤᠷᠤᠭᠴᠢᠳ ᠤᠨ ᠠᠮᠢ ᠨᠠᠰᠤ ᠡᠷᠡᠭᠦᠯ ᠴᠢᠭᠢᠷᠠᠭ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠰᠤᠷᠭᠠᠭᠤᠯᠢ ᠶᠢᠨ | ᠲᠠᠯ᠎ᠠ ᠶᠢᠨ ᠬᠢᠴᠢᠶᠡᠯ ᠰᠡᠷᠭᠦᠭᠡᠬᠦ ᠠᠴᠠ ᠡᠮᠦᠨ᠎ᠡ ᠭᠦᠢᠴᠡᠳ ᠪᠡᠯᠡᠳᠬᠡᠯ ᠠᠵᠢᠯ ᠬᠢᠵᠡᠢ᠃ ᠰᠤᠷᠭᠠᠭᠤᠯᠢ ᠶᠢᠨ ᠡᠭᠦᠳᠡᠨ ᠳᠤ | ᠠᠷᠢᠭᠤᠳᠬᠠᠬᠤ ᠡᠮ ᠪᠠ ᠦᠵᠡᠭᠦᠯᠦᠯᠭᠡ ᠶᠢᠨ ᠲᠠᠰᠤᠭ ᠭᠠᠷᠭᠠᠵᠤ᠂ ᠵᠢᠭᠠᠨ ᠰᠤᠷᠭᠠᠯᠳᠠᠨ ᠶᠢᠨ ᠠᠰᠠᠷ ᠤᠨ ᠣᠷᠣᠬᠤ | ᠡᠭᠦᠳᠡᠨ ᠳᠤ ᠤᠯᠠᠭᠠᠨ ᠤ ᠭᠠᠳᠠᠨᠠᠬᠢ ᠪᠡᠶ᠎ᠡ ᠶᠢᠨ ᠳᠤᠯᠠᠭᠠᠨ ᠢ ᠰᠢᠯᠭᠠᠨ ᠬᠡᠮᠵᠢᠬᠦ ᠲᠦᠬᠦᠬᠡᠷᠤᠮᠵᠢ ᠪᠠ ᠢᠯᠴᠢ ᠪᠠᠷ ᠳᠦᠷᠰᠦ | ᠪᠦᠲᠦᠭᠡᠬᠦ ᠳᠤᠯᠠᠭᠠᠨ ᠤ ᠬᠡᠮᠵᠢᠭᠦᠷ ᠲᠣᠬᠢᠷᠠᠭᠤᠯᠵᠤ᠂ ᠪᠡᠶ᠎ᠡ ᠶᠢᠨ ᠳᠤᠯᠠᠭᠠᠨ ᠬᠡᠪ ᠤᠨ ᠪᠤᠰᠤ ᠬᠥᠮᠦᠰ ᠤᠨ ᠰᠤᠷᠭᠠᠭᠤᠯᠢ ᠶᠢᠨ | ᠬᠦᠷᠢᠶᠡᠨ ᠳᠤ ᠣᠷᠣᠬᠤ ᠶᠢ ᠴᠠᠭᠠᠵᠠᠯᠠᠨ᠎ᠠ᠃ ᠠᠵᠢᠯᠲᠠᠳ ᠤᠨ ᠪᠡᠶ᠎ᠡ ᠪᠠᠷ ᠢᠶᠠᠨ ᠬᠠᠮᠠᠭᠠᠯᠠᠬᠤ ᠬᠤᠪᠴᠠᠰᠤ ᠡᠮᠦᠰᠬᠦ ᠳᠤ ︽ | ᠬᠡᠪᠢᠰ ᠮᠠᠶ᠋ᠢᠭ ᠤᠨ︾ ᠠᠷᠢᠯᠭᠠᠬᠤ ᠠᠷᠭ᠎ᠠ ᠮᠠᠶ᠋ᠢᠭ ᠢ ᠠᠪᠴᠤ᠂ ᠬᠢᠴᠢᠶᠡᠯ ᠤᠨ ᠭᠡᠷ᠂ ᠠᠯᠪᠠᠨ ᠭᠡᠷ᠂ ᠬᠤᠩᠭᠢᠯ᠂ ᠪᠠᠶᠢᠷᠢ ᠶᠢᠨ | ᠭᠡᠷ᠂ ᠵᠣᠷᠯᠣᠩ ᠵᠡᠷᠭᠡ ᠬᠥᠮᠦᠰ ᠲᠥᠪᠯᠡᠷᠡᠭᠰᠡᠨ ᠠᠵᠢᠯᠯᠠᠭ᠎ᠠ ᠬᠢᠵᠦ ᠪᠠᠶᠢᠭ᠎ᠠ ᠭᠠᠵᠠᠷ ᠢ ᠪᠦᠬᠦ ᠲᠠᠯ᠎ᠠ ᠪᠠᠷ ᠨᠠᠷᠢᠨ | ᠠᠷᠢᠭᠤᠳᠬᠠᠬᠤ ᠶᠢᠨ ᠬᠠᠮᠲᠤ ᠨᠢᠭᠡᠨᠲᠡ ᠠᠷᠢᠭᠤᠳᠬᠠᠭᠰᠠᠨ ᠠᠩᠭᠢ ᠶᠢᠨ ᠭᠡᠷ ᠲᠤ ᠢᠯᠡ ᠲᠣᠳᠣ ᠲᠡᠮᠳᠡᠭ ᠨᠠᠭᠠᠬᠤ ᠬᠡᠷᠡᠭᠲᠡᠶ᠃ | ᠡᠳᠦᠷ ᠲᠤᠲᠤᠮ ᠤᠨ ᠠᠷᠢᠭᠤᠳᠬᠠᠬᠤ ᠠᠵᠢᠯ ᠠᠴᠠ ᠭᠠᠳᠠᠨ᠎ᠠ᠂ ᠰᠤᠷᠭᠠᠭᠤᠯᠢ ᠪᠠᠰᠠ ᠠᠷᠢᠭᠤᠳᠬᠠᠬᠤ ᠰᠢᠩᠭᠡᠨ᠂ ᠰᠫᠢᠷᠲ | ᠵᠡᠷᠭᠡ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠢ ᠬᠠᠳᠠᠭᠠᠯᠠᠬᠤ ᠲᠠᠰᠤᠭ ᠵᠢᠴᠢ ᠪᠠᠴᠢᠮ ᠪᠠᠶᠢᠳᠠᠯ ᠢ ᠠᠷᠭᠠᠴᠠᠬᠤ ᠲᠤᠰᠠᠭᠠᠷᠯᠠᠬᠤ | ᠲᠠᠰᠤᠭ ᠵᠡᠷᠭᠡ ᠶᠢ ᠪᠠᠶᠢᠭᠤᠯᠵᠤ᠂ ᠰᠤᠷᠭᠠᠭᠤᠯᠢ ᠡᠬᠢᠯᠡᠭᠰᠡᠨ ᠤ ᠳᠠᠷᠠᠭ᠎ᠠ ᠪᠡᠶ᠎ᠡ ᠶᠢᠨ ᠳᠤᠯᠠᠭᠠᠨ ᠬᠡᠪ ᠤᠨ ᠪᠤᠰᠤ ᠬᠥᠮᠦᠰ ᠢ | ᠲᠤᠰᠠᠭᠠᠷᠯᠠᠵᠤ ᠪᠣᠯᠤᠨ᠎ᠠ᠃ | | ᠡᠭᠦᠨ ᠤ ᠬᠠᠮᠲᠤ᠂ ᠬᠡᠷ ᠤᠨ ᠠᠬᠠᠮᠠᠳ ᠠᠳᠠᠯᠢ ᠨᠢᠭᠡᠨ ᠴᠠᠭ ᠲᠤ ᠪᠦᠬᠦᠨ ᠢᠶᠠᠷ ᠬᠡᠤᠬᠡᠳ ᠢᠶᠠᠨ ᠰᠤᠷᠭᠠᠭᠤᠯᠢ ᠳᠤ | ᠬᠦᠷᠭᠡᠵᠦ ᠨᠡᠷ᠎ᠡ ᠮᠡᠳᠡᠭᠦᠯᠬᠦ ᠠᠴᠠ ᠵᠠᠶᠢᠯᠠᠰᠬᠢᠬᠦ ᠶᠢᠨ ᠲᠥᠯᠥᠭᠡ᠂ ᠰᠤᠷᠭᠠᠭᠤᠯᠢ ᠨᠢ ᠠᠩᠭᠢ ᠬᠤᠪᠢᠶᠠᠵᠤ ᠨᠡᠷ᠎ᠡ ᠮᠡᠳᠡᠭᠦᠯᠬᠦ ᠶᠢᠨ | ᠬᠠᠮᠲᠤ᠂ ᠶᠠᠭᠤᠮ᠎ᠠ ᠬᠡᠤᠮ᠎ᠡ ᠲᠡᠭᠡᠭᠡᠪᠦᠷᠢᠯᠡᠨ ᠬᠦᠷᠭᠡᠬᠦ ᠲᠡᠷᠭᠡ ᠶᠢ ᠨᠠᠷᠢᠨ ᠨᠢᠮᠪᠠᠶ ᠲᠤᠬᠢᠷᠠᠭᠤᠯᠵᠦ ᠰᠤᠷᠤᠭᠴᠢᠳ ᠲᠤ ᠲᠥᠬᠦᠮ | ᠦᠢᠯᠡᠴᠢᠯᠡᠭᠡ ᠬᠠᠩᠭᠠᠨ᠎ᠠ᠃ ᠰᠤᠷᠭᠠᠭᠤᠯᠢ ᠳᠤ ᠰᠠᠭᠤᠭ᠎ᠠ ᠰᠤᠷᠤᠭᠴᠢᠳ ᠲᠤ ᠰᠤᠷᠭᠠᠭᠤᠯᠢ ᠶᠢᠨ ᠬᠦᠷᠢᠶ᠎ᠡ ᠶᠢ ᠪᠦᠬᠦᠨ ᠢ | ᠪᠢᠲᠡᠭᠦᠮᠵᠢᠯᠡᠨ ᠬᠠᠮᠢᠶᠠᠷᠬᠤ ᠶᠢ ᠬᠡᠷᠡᠭᠵᠢᠭᠦᠯᠵᠦ᠂ ᠰᠤᠷᠭᠠᠭᠤᠯᠢ ᠳᠤ ᠰᠠᠭᠤᠭ᠎ᠠ ᠰᠤᠷᠤᠭᠴᠢᠳ ᠤᠨ ᠰᠤᠷᠭᠠᠭᠤᠯᠢ ᠠᠴᠠ | ᠭᠠᠷᠬᠤ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠤᠨ ᠪᠦᠷᠢ ᠳᠤ ᠪᠡᠶ᠎ᠡ ᠶᠢᠨ ᠳᠤᠯᠠᠭᠠᠨ ᠢ ᠬᠡᠮᠵᠢᠬᠦ | ᠲᠥᠬᠦᠭᠡᠷᠦᠮᠵᠢ᠂ ᠭᠠᠷ ᠤᠬᠢᠶᠠᠬᠤ ᠰᠢᠩᠭᠡᠨ᠂ ᠠᠷᠢᠭᠤᠳᠬᠠᠬᠤ ᠰᠢᠩᠭᠡᠨ ᠵᠡᠷᠭᠡ ᠶᠢ ᠲᠣᠬᠢᠷᠠᠭᠤᠯᠵᠤ᠂ ᠰᠤᠷᠤᠭᠴᠢᠳ ᠢ | ᠰᠢᠮᠳᠠᠭᠤᠯᠵᠤ ᠪᠠᠶᠢᠭᠠᠳ ᠭᠠᠷ ᠤᠬᠢᠶᠠᠬᠤ ᠰᠢᠩᠭᠡᠨ ᠬᠡᠷᠡᠭᠯᠡᠬᠦᠷ ᠢᠶᠠᠷ ᠭᠠᠷ ᠢᠶᠠᠨ ᠰᠠᠶᠢᠨ ᠤᠬᠢᠶᠠᠵᠤ᠂ ᠬᠤᠪᠢ ᠬᠥᠮᠦᠨ ᠤ | ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ | | ᠰᠤᠷᠭᠠᠭᠤᠯᠢ ᠡᠬᠢᠯᠡᠬᠦ ᠳᠤ ᠣᠷᠣᠬᠤ ᠡᠭᠦᠳᠡ᠂ ᠬᠤᠭᠤᠯᠠᠨ ᠭᠡᠷ ᠤᠨ ᠣᠷᠣᠬᠤ ᠡᠭᠦᠳᠡ᠂ ᠪᠠᠶᠢᠷᠢ ᠶᠢᠨ ᠭᠠᠷᠬᠤ | ᠡᠭᠦᠳᠡ ᠶᠢ ᠴᠢᠩᠭ᠎ᠠ ᠰᠠᠬᠢᠬᠤ ᠪᠠᠷ ᠳᠠᠮᠵᠢᠭᠤᠯᠤᠨ᠂ ᠰᠤᠷᠭᠠᠭᠤᠯᠢ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠤᠭᠴᠢᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ | ᠪᠠᠶᠢᠷᠢ᠂ ᠬᠢᠴᠢᠶᠡᠯ ᠤᠨ ᠬᠡᠷ᠂ ᠬᠤᠭᠤᠯᠠᠨ ᠬᠡᠷ ᠵᠡᠷᠭᠡ ᠭᠤᠷᠪᠠᠨ ᠴᠡᠭ ᠨᠢᠭᠡ ᠱᠤᠭᠤᠮ ᠤᠨ ᠵᠠᠮ ᠮᠥᠷ ᠢᠶᠠᠷ ᠨᠢᠭᠡ | ᠡᠳᠦᠷ ᠤᠨ ᠰᠤᠷᠤᠯᠴᠠᠯᠭ᠎ᠠ ᠪᠠ ᠠᠮᠢᠳᠤᠷᠠᠯ ᠢᠶᠠᠨ ᠴᠢᠩᠭ᠎ᠠ ᠪᠡᠶᠡᠯᠡᠭᠦᠯᠵᠦ᠂ ᠨᠢᠭᠲᠠ ᠴᠢᠩᠭ᠎ᠠ ᠰᠡᠷᠭᠡᠶᠢᠯᠡᠨ ᠡᠵᠡᠮᠳᠡᠬᠦ ᠶᠢᠨ | ᠬᠠᠮᠲᠤ ᠬᠡᠪ ᠤᠨ ᠵᠢᠭᠠᠨ ᠰᠤᠷᠭᠠᠯᠲᠠ ᠶᠢᠨ ᠡᠮᠬᠢ ᠵᠢᠷᠤᠮ ᠢ ᠦᠨᠡᠨ ᠬᠦ ᠪᠠᠲᠤᠯᠠᠵᠤ᠂ ᠰᠤᠷᠤᠭᠴᠢᠳ ᠢ ᠬᠡᠪ ᠤᠨ ᠰᠤᠷᠤᠯᠭ᠎ᠠ | ᠪᠠ ᠪᠡᠯᠡᠳᠬᠡᠯ ᠰᠢᠯᠭᠠᠯᠲᠠ ᠳᠤ ᠣᠷᠣᠭᠤᠯᠬᠤ ᠬᠡᠷᠡᠭᠲᠡᠶ᠃ | ᠤᠷᠴᠢᠭᠤᠯᠤᠬᠴᠢ᠄ ᠼᠦᠢ ᠶᠢᠩ |