| 3 ᠰᠠᠷ᠎ᠠ ᠶᠢᠨ 30 ᠤ ᠡᠳᠦᠷ᠂ ᠬᠤᠲᠠ ᠶᠢᠨ ᠬᠤᠶᠢᠲᠤ ᠲᠣᠭᠤᠷᠢᠭ ᠤᠨ ᠵᠡᠭᠡᠯᠢ ᠭᠤᠳᠤᠮᠵᠢ ᠬᠤᠷᠠᠯ | ᠬᠤᠷᠠᠯᠳᠤᠭᠤᠯᠵᠤ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ | ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠵᠤ᠂ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠪᠥᠬᠦᠳᠡ ᠬᠤᠷᠠᠯ ᠤᠨ ᠵᠣᠷᠢᠭ ᠰᠠᠨᠠᠭᠠᠨ ᠳᠡᠭᠡᠷ᠎ᠡ ᠦᠨᠡᠨ ᠬᠦ ᠨᠢᠭᠡᠳᠬᠡᠵᠦ᠂ ᠠᠵᠢᠯ ᠤᠨ | ᠰᠡᠳᠬᠢᠴᠡ ᠪᠠᠨ ᠲᠣᠳᠣᠷᠬᠠᠶᠢᠯᠠᠨ᠂ ᠬᠥᠭᠵᠢᠯᠲᠡ ᠶᠢᠨ ᠬᠠᠮᠳᠤ ᠶᠢᠨ ᠲᠠᠨᠢᠯᠲᠠ ᠪᠠᠨ ᠨᠢᠭᠲᠠᠷᠠᠭᠤᠯᠵᠤ᠂ ᠣᠳᠣᠬᠠᠨ ᠤ | ᠠᠵᠢᠯ ᠢᠶᠠᠨ ᠪᠠᠶᠢᠷᠢᠯᠠᠭᠤᠯᠪᠠ᠃ | ᠨᠠᠮ ᠤᠨ ᠠᠵᠢᠯ ᠤᠨ ᠬᠤᠷᠢᠶᠠᠨ ᠤ ᠱᠦᠵᠢ ᠬᠠᠨ ᠵᠢᠶᠠᠨ ᠭᠦᠸᠧ ᠬᠤᠷᠠᠯ ᠳᠡᠭᠡᠷ᠎ᠡ ᠬᠤᠲᠠ ᠶᠢᠨ ᠨᠠᠮ ᠤᠨ | ᠬᠤᠷᠢᠶᠠᠨ ᠤ ᠱᠦᠵᠢ ᠸᠠᠩ ᠵᠧᠨ ᠬᠠᠢ ᠶᠢᠨ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ | ᠠᠷᠪᠠᠨ ᠭᠤᠷᠪᠠᠳᠤᠭᠠᠷ ᠪᠦᠭᠦᠳᠡ ᠬᠤᠷᠠᠯ ᠳᠡᠭᠡᠷ᠎ᠡ ᠬᠢᠭᠰᠡᠨ ᠢᠯᠡᠳᠬᠡᠯ ᠢ ᠤᠯᠠᠮᠵᠢᠯᠠᠪᠠ᠃ | ᠬᠤᠷᠠᠯ ᠠᠴᠠ ᠡᠯ᠎ᠡ ᠨᠡᠶᠢᠭᠡᠮ ᠲᠣᠭᠤᠷᠢᠭ᠂ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠬᠤᠷᠠᠯ ᠤᠨ | ᠵᠤᠷᠢᠭ ᠰᠠᠨᠠᠭ᠎ᠠ ᠶᠢ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠤᠲᠠ ᠶᠢᠨ ᠨᠠᠮ ᠤᠨ ᠬᠤᠷᠢᠶᠠᠨ ᠤ | ᠲᠠᠪᠤᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ | ᠲᠤᠭᠤᠰᠢᠯᠠᠭᠤᠯᠬᠤ ᠶᠢ ᠣᠳᠣᠬᠠᠨ ᠤ ᠲᠡᠷᠢᠭᠦᠨ ᠵᠡᠷᠭᠡ ᠶᠢᠨ ᠶᠡᠭᠡ ᠶᠠᠪᠤᠳᠠᠯ ᠪᠣᠯᠭᠠᠨ ᠠᠳᠬᠤᠵᠤ᠂ ᠪᠠᠷᠢᠮᠵᠢᠶᠠᠯᠠᠨ | ᠬᠠᠷᠭᠤᠭᠤᠯᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠬᠤ ᠳᠡᠭᠡᠷ᠎ᠡ ᠬᠦᠴᠦ ᠲᠠᠯᠪᠢᠬᠤ ᠬᠡᠷᠡᠭᠲᠡᠢ ᠭᠡᠵᠦ | ᠱᠠᠭᠠᠷᠳᠠᠪᠠ᠃ ᠪᠦᠬᠦ ᠺᠠᠳ᠋ᠷ ᠠᠵᠢᠯᠳᠠᠨ ᠠᠵᠢᠯᠴᠢᠨ ᠪᠣᠳᠠᠲᠤ ᠪᠠᠶᠢᠳᠠᠯ ᠳᠤ ᠰᠠᠭᠤᠷᠢᠯᠠᠨ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠬᠥᠲᠥᠯᠥᠨ | ᠳᠠᠭᠠᠭᠤᠯᠬᠤ ᠶᠢ ᠴᠢᠩᠭᠠᠳᠬᠠᠵᠤ᠂ ᠲᠤᠬᠠᠶᠢᠯᠠᠬᠰᠠᠨ ᠠᠵᠢᠯ ᠤᠨ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠨᠠᠷᠢᠯᠢᠭ | ᠪᠥᠭᠡᠳ ᠪᠣᠳᠠᠲᠠᠶ ᠬᠢᠵᠦ᠂ ᠬᠡᠷᠡᠭᠵᠢᠭᠦᠯᠦᠨ ᠨᠠᠶᠢᠳᠠᠪᠤᠷᠢᠵᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠶ᠃ | ᠬᠠᠨ ᠵᠢᠶᠠᠨ ᠭᠦᠸᠧ ᠠᠵᠢᠯ ᠤᠨ ᠪᠣᠳᠠᠲᠠᠶ ᠲᠠᠢ ᠤᠶᠠᠯᠳᠤᠭᠤᠯᠤᠨ ᠭᠤᠷᠪᠠᠨ ᠱᠠᠭᠠᠷᠳᠠᠯᠭ᠎ᠠ ᠳᠤᠷᠠᠳᠪᠠ᠄ | ᠨᠢᠭᠡ ᠳᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠪᠠ ᠬᠤᠲᠠ ᠶᠢᠨ | ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠬᠤ ᠲᠠᠢ ᠤᠶᠠᠯᠳᠤᠭᠤᠯᠵᠤ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠬᠦ ᠬᠡᠷᠡᠭᠲᠡᠶ︔ ᠬᠤᠶᠠᠷ ᠲᠤ᠂ ᠡᠯ᠎ᠡ ᠨᠡᠶᠢᠭᠡᠮ ᠲᠣᠭᠤᠷᠢᠭ᠂ ᠡᠯ᠎ᠡ ᠰᠠᠯᠠᠭ᠎ᠠ ᠲᠠᠰᠤᠭ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ᠠᠮᠤᠷ ᠲᠦᠪᠰᠢᠨ ᠤ ᠳᠠᠯᠳᠠ ᠬᠡᠮ ᠢ ᠨᠠᠷᠢᠨ ᠬᠢᠨᠠᠮᠠᠭᠠᠶ ᠵᠢᠭᠰᠠᠭᠠᠨ ᠪᠠᠶᠢᠴᠠᠭᠠᠵᠤ᠂ ᠨᠡᠶᠢᠭᠡᠮ ᠤᠨ | ᠲᠣᠭᠲᠠᠭᠤᠨ ᠪᠠᠶᠢᠳᠠᠯ ᠢ ᠬᠠᠮᠠᠭᠠᠯᠠᠬᠤ ᠬᠡᠷᠡᠭᠲᠡᠶ︔ ᠭᠤᠷᠪᠠ ᠳᠤ᠂ ᠣᠷᠴᠢᠨ ᠲᠣᠭᠤᠷᠢᠨ ᠤ ᠠᠷᠢᠭᠤᠨ ᠴᠡᠪᠡᠷ ᠢ | ᠴᠡᠭᠴᠡᠯᠡᠨ ᠵᠠᠰᠠᠵᠤ ᠴᠡᠪᠡᠷᠯᠡᠬᠦ ᠠᠵᠢᠯ ᠢ ᠰᠠᠶᠢᠲᠤᠷ ᠬᠢᠵᠦ᠂ ᠴᠡᠪᠡᠷ ᠲᠡᠭᠰᠢ ᠠᠮᠢᠳᠤᠷᠠᠯ ᠤᠨ ᠣᠷᠴᠢᠨ ᠲᠣᠭᠤᠷᠢᠨ ᠢ | ᠡᠭᠦᠳᠦᠨ ᠪᠠᠶᠢᠭᠤᠯᠬᠤ ᠬᠡᠷᠡᠭᠲᠡᠶ᠃ | ᠬᠤᠷᠠᠯ ᠳᠡᠭᠡᠷ᠎ᠡ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠪᠠᠶ ᠬᠤᠩ ᠪᠸᠢ ᠱᠠᠨ ᠤ ᠠᠮᠢ ᠠᠬᠤᠶ ᠶᠢᠨ | ᠴᠡᠴᠡᠷᠯᠢᠭ ᠤᠨ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠂ ᠢᠯᠠᠩᠭᠤᠶ᠎ᠠ | ᠬᠠᠩᠰᠢ ᠶᠢᠨ ᠬᠤᠭᠤᠴᠠᠭᠠᠨ ᠳᠤ ᠪᠦᠯᠦᠭ ᠬᠤᠪᠢᠶᠠᠨ ᠳᠠᠭᠠᠭᠠᠴᠢᠯᠠᠵᠤ᠂ ᠬᠠᠷᠢᠭᠤᠴᠠᠯᠭ᠎ᠠ ᠶᠢ ᠬᠦᠢᠴᠡᠳᠭᠡᠵᠦ᠂ | ᠴᠢᠩᠭ᠎ᠠ ᠰᠡᠷᠭᠡᠶᠢᠯᠡᠨ ᠰᠠᠬᠢᠵᠤ᠂ ᠣᠶ ᠰᠢᠭᠤᠶ ᠶᠢᠨ ᠭᠠᠯ ᠤᠨ ᠠᠶᠤᠯ ᠡᠭᠦᠰᠬᠦ ᠥᠬᠡᠶ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠬᠤᠷᠠᠯ ᠠᠴᠠ ᠪᠠᠰᠠ ᠣᠳᠣᠬᠠᠨ ᠤ ᠪᠤᠰᠤᠳ ᠠᠵᠢᠯ ᠢ | ᠲᠣᠬᠢᠷᠠᠭᠤᠯᠪᠠ᠃ | ᠤᠷᠴᠢᠭᠤᠯᠤᠬᠴᠢ᠄ ᠼᠦᠢ ᠶᠢᠩ |