| 4 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠬᠠᠩᠰᠢ ᠶᠢᠨ | ᠬᠤᠭᠤᠴᠠᠭᠠᠨ ᠳᠠᠬᠢ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠤᠬᠠᠶ ᠪᠠᠶᠢᠴᠠᠭᠠᠨ | ᠰᠤᠳᠤᠯᠤᠯᠲᠠ ᠬᠢᠵᠦ ᠰᠢᠪᠠᠳᠠᠨ ᠵᠢᠯᠣᠭᠤᠳᠴᠤ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠵᠠᠩ | ᠵᠢᠶᠦ᠋ᠨ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠳᠣᠲᠣᠭᠠᠳᠤ ᠶᠢ ᠬᠠᠮᠠᠭᠠᠯᠠᠬᠤ ᠲᠤᠪᠴᠢᠶᠠᠨ ᠤ ᠳᠠᠷᠤᠭ᠎ᠠ ᠵᠠᠩ ᠶᠦᠩ ᠱᠧᠩ ᠵᠢᠴᠢ ᠬᠤᠯᠪᠣᠭᠳᠠᠯ ᠪᠥᠬᠦᠶ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | ᠸᠠᠩ ᠵᠧᠨ ᠬᠠᠢ ᠤᠷᠢᠳ ᠬᠤᠵᠢᠳ ᠬᠥᠬᠡᠬᠤᠲᠠ—ᠶᠠᠩ ᠭᠤᠤ ᠶᠢᠨ ᠵᠠᠰᠠᠮᠠᠯ ᠵᠠᠮ ᠤᠨ ᠪᠠᠶᠢᠴᠠᠭᠠᠬᠤ | ᠦᠷᠳᠡᠭᠡ᠂ ᠶᠤᠸᠠᠨ ᠱᠠᠨ ᠽᠢ ᠰᠢᠶᠠᠩ ᠤᠨ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠴᠡᠭ᠂ ᠬᠤᠩᠱᠠᠨ ᠤᠢ | ᠰᠢᠭᠤᠢ ᠶᠢᠨ ᠲᠠᠯᠠᠪᠠᠢ ᠶᠢᠨ ᠭᠠᠯ ᠰᠡᠷᠭᠡᠶᠢᠯᠡᠬᠦ ᠪᠠᠶᠢᠴᠠᠭᠠᠯᠲᠠ ᠶᠢᠨ ᠦᠷᠳᠡᠭᠡ᠂ ᠬᠤᠩᠱᠠᠨ ᠤᠢ ᠰᠢᠭᠤᠢ ᠶᠢᠨ ᠲᠠᠯᠠᠪᠠᠢ | ᠂ ᠪᠸᠢ ᠱᠠᠨ ᠴᠡᠴᠡᠷᠯᠢᠭ ᠵᠡᠷᠭᠡ ᠭᠠᠵᠠᠷ ᠲᠤ ᠬᠦᠷᠴᠦ᠂ ᠭᠠᠯ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯ᠂ | ᠵᠢᠵᠢᠭᠦᠷᠯᠡᠵᠦ ᠰᠠᠬᠢᠨ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠭᠠᠯ ᠤᠨᠲᠠᠷᠠᠭᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠬᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠤᠬᠠᠶ ᠶᠢᠨ | ᠲᠠᠯᠠᠪᠠᠶ ᠳᠤ ᠠᠵᠢᠯᠲᠠᠳ ᠤᠨ ᠭᠠᠯ ᠰᠡᠷᠭᠡᠶᠢᠯᠡᠬᠦ ᠪᠠᠭᠠᠵᠢ ᠬᠡᠷᠡᠭᠰᠡᠯ ᠢ ᠬᠡᠷᠡᠭᠯᠡᠵᠦ ᠪᠠᠶᠢᠭ᠎ᠠ ᠪᠠᠶᠢᠳᠠᠯ ᠢ | ᠪᠠᠶᠢᠴᠠᠭᠠᠭᠰᠠᠨ ᠤ ᠬᠠᠮᠲᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠪᠠᠶᠢᠳᠠᠯ ᠤᠨ ᠬᠠᠷᠢᠭᠤ ᠮᠡᠳᠡᠭᠦᠯᠦᠯᠳᠡ ᠶᠢ | ᠰᠤᠨᠤᠰᠪᠠ᠃ | ᠸᠠᠩ ᠵᠧᠨ ᠬᠠᠢ ᠵᠢᠭᠠᠵᠤ ᠭᠠᠷᠭᠠᠭᠰᠠᠨ ᠨᠢ᠄ ᠬᠠᠩᠰᠢ ᠶᠢᠨ ᠡᠳᠦᠷ ᠪᠣᠯ ᠲᠠᠬᠢᠯᠭ᠎ᠠ ᠶᠢᠨ ᠣᠷᠭᠢᠯ ᠤᠨ ᠦᠶ᠎ᠡ | ᠪᠣᠯᠤᠨ᠎ᠠ᠂ ᠡᠯ᠎ᠡ ᠪᠠᠶᠢᠴᠠᠭᠠᠯᠲᠠ ᠶᠢᠨ ᠴᠡᠭ ᠨᠢ ᠣᠳᠣᠬᠠᠨ ᠤ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ | ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠬᠦᠢᠴᠡᠳ ᠲᠠᠨᠢᠵᠤ᠂ ᠨᠠᠰᠢ ᠴᠠᠰᠢ ᠥᠩᠭᠡᠷᠡᠬᠦ ᠲᠡᠷᠭᠡ ᠬᠥᠰᠬᠡ | ᠪᠤᠯᠤᠨ ᠬᠥᠮᠦᠰ ᠢ ᠳᠠᠩᠰᠠᠯᠠᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠬᠡᠭᠡᠷ᠎ᠡ ᠭᠠᠳᠠᠨ᠎ᠠ ᠬᠠᠤᠯᠢ | ᠲᠣᠭᠲᠠᠭᠠᠯ ᠠᠴᠠ ᠵᠥᠷᠢᠴᠡᠨ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠣᠢ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠬᠦᠯᠵᠦ᠂ ᠣᠯᠠᠨ ᠲᠦᠮᠡᠨ ᠢ | ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠲᠠᠬᠢᠯᠭ᠎ᠠ᠂ ᠬᠡᠪ ᠵᠠᠩᠰᠢᠯ ᠢ ᠨᠢ ᠦᠬᠡᠷᠡᠴᠢᠯᠡᠵᠦ᠂ ᠬᠠᠩᠰᠢ ᠶᠢᠨ | ᠬᠤᠭᠤᠴᠠᠭᠠᠨ ᠳᠠᠬᠢ ᠭᠠᠯ ᠰᠡᠷᠭᠡᠶᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃ | ᠸᠠᠩ ᠵᠧᠨ ᠬᠠᠶ ᠱᠠᠭᠠᠷᠳᠠᠭᠰᠠᠨ ᠨᠢ᠄ ᠡᠯ᠎ᠡ ᠬᠠᠮᠢᠶ᠎ᠠ ᠪᠥᠬᠦᠶ ᠨᠢᠭᠡᠴᠡ᠂ ᠰᠢᠶᠠᠩ ᠪᠠᠯᠭᠠᠰᠤ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠨ᠂ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠨᠡᠪᠲᠡᠷᠡᠯᠴᠡᠬᠦ ᠠᠷᠭ᠎ᠠ ᠵᠠᠮ ᠢ ᠰᠠᠭᠠᠳ ᠥᠬᠡᠶ | ᠨᠡᠪᠲᠡᠷᠡᠭᠦᠯᠵᠦ᠂ ᠭᠤᠤᠯᠳᠠᠯᠭ᠎ᠠ ᠲᠠᠢ ᠬᠡᠰᠡᠭ᠂ ᠵᠠᠩᠭᠢᠯᠠᠭ᠎ᠠ ᠶᠢᠨ ᠴᠠᠭ ᠪᠠ ᠭᠠᠯ ᠤᠨ ᠪᠠᠶᠢᠳᠠᠯ ᠠᠮᠠᠷᠬᠠᠨ ᠡᠭᠦᠰᠬᠦ | ᠣᠷᠣᠨ ᠢ ᠭᠤᠤᠯᠳᠠᠯᠭ᠎ᠠ ᠲᠠᠢ ᠬᠢᠨᠠᠨ ᠬᠠᠮᠢᠶᠠᠷᠴᠤ᠂ ᠴᠢᠩᠭ᠎ᠠ ᠰᠡᠷᠭᠡᠶᠢᠯᠡᠨ ᠰᠠᠬᠢᠵᠤ᠂ ᠬᠡᠭᠡᠷ᠎ᠡ ᠭᠠᠳᠠᠨᠠᠬᠢ ᠭᠠᠯ ᠤᠨ | ᠢᠷᠡᠯᠲᠡ ᠶᠢ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ | ᠭᠠᠯ ᠤᠨ ᠭᠠᠮᠰᠢᠭ ᠤᠨ ᠳᠠᠯᠳᠠ ᠬᠡᠮ ᠢ ᠪᠥᠬᠦ ᠬᠦᠴᠦᠨ ᠢᠶᠠᠷ ᠠᠷᠢᠯᠭᠠᠵᠤ᠂ ᠬᠠᠩᠰᠢ ᠶᠢᠨ ᠬᠤᠭᠤᠴᠠᠭᠠᠨ ᠳᠠᠬᠢ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ᠃ | ᠤᠷᠴᠢᠭᠤᠯᠤᠬᠴᠢ᠄ ᠼᠦᠢ ᠶᠢᠩ |