ᠹᠧᠩᠵᠧᠨ ᠬᠤᠲᠠ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠠᠵᠢᠯ ᠢ ᠥᠷᠨᠢᠭᠦᠯᠵᠦ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠢᠶᠠᠨ ᠨᠡᠮᠡᠭᠳᠡᠭᠦᠯᠵᠦ ᠣᠷᠣᠯᠭ᠎ᠠ ᠪᠠᠨ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2020-04-09
    ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠨᠢ ᠬᠥᠷᠥᠰᠥ ᠰᠢᠷᠣᠶ ᠪᠣᠯᠤᠨ ᠲᠠᠷᠢᠮᠠᠯ ᠳᠤ ᠬᠦᠨᠳᠦ ᠨᠣᠴᠢᠲᠠᠶ ᠪᠤᠬᠢᠷᠳᠤᠯ ᠤᠴᠠᠷᠠᠭᠤᠯᠵᠤ᠂ ᠭᠠᠷᠤᠯᠲᠠ ᠬᠠᠰᠤᠭᠳᠠᠭᠤᠯᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ 2020 ᠣᠨ ᠳᠤ ᠹᠧᠩᠵᠧᠨ ᠬᠤᠲᠠ ︽ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠵᠤ ᠠᠰᠢᠭᠯᠠᠬᠤ ᠵᠢᠱᠢᠶ᠎ᠡ ᠦᠵᠡᠬᠦᠯᠬᠦ ᠰᠢᠶᠠᠨ ᠤ ᠲᠥᠷᠥᠯ ᠵᠦᠢᠯ︾ ᠢ ᠴᠢᠷᠮᠠᠶᠢᠨ ᠣᠯᠵᠤ᠂ ᠣᠳᠣᠬᠠᠨ ᠳᠤ ᠨᠢᠭᠡᠨᠲᠡ 6 ᠰᠠᠭᠤᠷᠢ ᠦᠯᠡᠳᠡᠭᠳᠡᠯ ᠪᠦᠷᠬᠦᠪᠴᠢ ᠶᠢ ᠡᠭᠡᠭᠦᠯᠦᠨ ᠬᠤᠷᠢᠶᠠᠬᠤ ᠮᠠᠰᠢᠨ ᠢ ᠬᠤᠳᠠᠯᠳᠤᠨ ᠣᠷᠣᠭᠤᠯᠵᠤ᠂ ᠾᠧᠢ ᠲᠤ ᠲᠠᠢ ᠪᠠᠯᠭᠠᠰᠤᠨ ᠳᠤ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠮᠠᠰᠢᠨᠴᠢᠯᠠᠨ ᠡᠭᠡᠭᠦᠯᠦᠨ ᠬᠤᠷᠢᠶᠠᠬᠤ ᠵᠢᠱᠢᠶ᠎ᠡ ᠦᠵᠡᠭᠦᠯᠬᠦ ᠲᠣᠭᠤᠷᠢᠭ ᠢ 1.5 ᠲᠦᠮᠡᠨ ᠮᠦ ᠪᠠᠶᠢᠭᠤᠯᠪᠠ᠃ ᠡᠭᠦᠨ ᠤ ᠬᠠᠮᠲᠤ᠂ ᠡᠯ᠎ᠡ ᠰᠢᠶᠠᠩ ᠪᠠᠯᠭᠠᠰᠤ ᠪᠠ ᠬᠤᠳᠠ ᠶᠢᠨ ᠡᠮᠦᠨ᠎ᠡ ᠲᠣᠭᠤᠷᠢᠭ ᠤᠨ ᠬᠡᠷᠡᠭ ᠡᠷᠬᠢᠯᠡᠬᠦ ᠭᠠᠵᠠᠷ ᠲᠤ ᠬᠠᠶᠠᠬᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ 9 ᠴᠡᠭ ᠪᠠᠶᠢᠭᠤᠯᠵᠤ᠂ ᠵᠢᠩ ᠪᠦᠷᠢ 1.3 ᠲᠥᠭᠦᠷᠢᠭ ᠤᠨ ᠦᠨ᠎ᠡ ᠪᠠᠷ ᠲᠠᠷᠢᠶᠠᠴᠢᠨ ᠡᠷᠦᠬᠡ ᠠᠴᠠ ᠦᠯᠡᠳᠡᠭᠳᠡᠯ ᠰᠦᠯᠢᠶᠣᠣ ᠪᠦᠷᠬᠦᠪᠴᠢ ᠶᠢ ᠪᠤᠴᠠᠭᠠᠨ ᠬᠤᠳᠠᠯᠳᠤᠨ ᠠᠪᠴᠤ᠂ ᠵᠢᠱᠢᠯᠲᠡ ᠪᠠᠷ 30 ᠲᠦᠮᠡᠨ ᠮᠥ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠳᠠᠬᠢᠨ ᠠᠰᠢᠬᠯᠠᠵᠦ᠂ ᠪᠤᠴᠠᠭᠠᠨ ᠬᠤᠷᠢᠶᠠᠬᠤ ᠨᠣᠷᠮ᠎ᠠ ᠶᠢ 80% ᠳᠤ ᠬᠦᠷᠭᠡᠬᠦ ᠪᠣᠯᠤᠨ᠎ᠠ᠃ ᠡᠨᠡ ᠬᠦ ᠠᠵᠢᠯ ᠨᠢ ᠲᠠᠷᠢᠶᠠᠴᠢᠨ ᠡᠷᠦᠬᠡ ᠶᠢᠨ ᠲᠠᠷᠢᠶᠠᠨ ᠭᠠᠵᠠᠷ ᠤᠨ ᠳᠤᠮᠳᠠ ᠦᠯᠡᠳᠡᠭᠳᠡᠯ ᠪᠦᠷᠬᠦᠪᠴᠢ ᠶᠢ ᠦᠨᠳᠦᠰᠦ ᠪᠠᠷ ᠨᠢ ᠠᠷᠢᠯᠭᠠᠬᠤ ᠶᠢᠨ ᠠᠷᠭ᠎ᠠ ᠦᠭᠡᠢ ᠪᠠᠴᠢᠮ ᠪᠠᠶᠢᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ᠂ ᠨᠡᠩ ᠴᠤ ᠲᠠᠷᠢᠶᠠᠴᠢᠨ ᠡᠷᠦᠬᠡ ᠳᠤ ᠪᠤᠳᠠᠳᠠᠢ ᠠᠵᠤ ᠠᠬᠤᠶ ᠶᠢᠨ ᠦᠷ᠎ᠡ ᠠᠰᠢᠭ ᠢ ᠠᠪᠴᠢᠷᠠᠵᠤ᠂ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠥᠷᠭᠡᠨ ᠤᠯᠠᠨ ᠲᠠᠷᠢᠶᠠᠴᠢᠨ ᠡᠷᠦᠬᠡ ᠶᠢᠨ ᠨᠢᠭᠡᠳᠦᠯᠲᠡᠶ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠣᠳᠣᠬᠠᠨ ᠳᠤ᠂ ᠲᠣᠰ ᠠᠵᠢᠯ ᠨᠢᠭᠡᠨᠲᠡ 40% ᠶᠢ ᠪᠡᠶᠡᠯᠡᠭᠦᠯᠵᠦ᠂ 4 ᠰᠠᠷ᠎ᠠ ᠶᠢᠨ 20 ᠤ ᠣᠷᠴᠢᠮ ᠳᠠᠭᠤᠰᠤᠨ᠎ᠠ᠃                    ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3