ᠸᠠᠩ ᠵᠧᠨ ᠬᠠᠢ ᠪᠦᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-04-09
   4 ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠵᠧᠨ ᠬᠠᠶ ᠪᠥᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠸᠠᠩ ᡁᠢ ᠶᠦᠩ ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠤᠤ ᠶᠠᠨ ᠯᠢᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠮᠠᠨ ᠤ ᠬᠤᠲᠠ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠶᠡᠷᠦᠩᠬᠡᠶ ᠠᠩᠭᠢ ᠶᠢᠨ ᠳᠠᠷᠤᠭ᠎ᠠ ᠳ᠋ᠤᠸᠠᠨ ᠯᠢᠶᠠᠨ ᠤᠤ ᠵᠡᠷᠭᠡ ᠬᠤᠲᠠ ᠶᠢᠨ ᠤᠳᠤᠷᠢᠳᠤᠯᠭ᠎ᠠ ᠨᠠᠷ ᠪᠣᠯᠤᠨ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠳᠡᠳ᠋ ᠲᠤᠭᠤᠶᠢᠯᠠᠩ ᠤᠨ ᠳᠠᠷᠤᠭ᠎ᠠ ᠵᠢᠴᠢ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
   ᠬᠤᠷᠠᠯ ᠠᠴᠠ ︽ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦ‌‍ᠷᠢᠲᠦ ᠢᠯᠠᠯᠲᠠ ᠶᠢ ᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ︾᠂ ︽ᠱᠢ ᠲᠠᠢ ᠹᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ ᠠᠵᠢᠯ ᠤᠨ ᠬᠤᠷᠠᠯ ᠳᠡᠭᠡᠷᠡᠬᠢ ᠶᠠᠷᠢᠶ᠎ᠠ︾᠂ ︽ᠱᠢ ᠲᠠᠢ ᠹᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2020 ᠣᠨ ᠤ ᠭᠤᠷᠪᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠤ ᠲᠠᠯᠪᠢᠭᠰᠠᠨ ᠶᠠᠷᠢᠶ᠎ᠠ︾᠂ ︽ᠥᠪᠡᠷᠲᠡᠭᠡᠨ ᠵᠠᠰᠠᠬᠤ ᠣᠷᠣᠨ ᠤ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ ᠪᠠᠶᠢᠴᠠᠭᠠᠯᠲᠠ ︿ᠡᠷᠬᠢᠨ ᠬᠠᠷᠠᠬᠤ﹀ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠶᠢ ᠬᠢᠨᠠᠨ ᠰᠢᠯᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠪᠠᠶᠢᠷᠢᠯᠠᠭᠤᠯᠤᠯᠲᠠ ᠶᠢᠨ ᠸᠢᠳᠢᠣ᠋ ᠬᠤᠷᠠᠯ ᠤᠨ ᠮᠠᠲ᠋ᠧᠷᠢᠶᠠᠯ︾  ᠵᠢᠴᠢ ︽ᠤᠯᠠᠭᠠᠨᠴᠠᠪ ᠬᠤᠳᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠣᠳᠣᠬᠠᠨ ᠤ ᠠᠬᠢᠭᠤᠯᠬᠤ ᠴᠢᠬᠤᠯᠠᠲᠠᠢ ᠭᠤᠣᠯᠳᠠᠯᠭ᠎ᠠ ᠲᠠᠢ ᠠᠵᠢᠯ︾ ᠵᠡᠷᠭᠡ ᠵᠣᠷᠢᠭ ᠰᠠᠨᠠᠭ᠎ᠠ ᠶᠢ ᠤᠯᠠᠮᠵᠢᠯᠠᠨ᠂ ︽ᠹᠧᠩᠵᠧᠨ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠪᠥᠬᠦ ᠲᠠᠯ᠎ᠠ ᠶᠢᠨ ᠪᠠᠶᠢᠳᠠᠯ ᠢ ᠤᠶᠢᠯᠠᠭᠠᠵᠦ ᠵᠢᠭᠰᠠᠭᠠᠨ ᠪᠠᠶᠢᠴᠠᠭᠠᠬᠤ ᠠᠵᠢᠯ ᠤᠨ ᠲᠥᠰᠦᠯ︾᠂ ︽ᠹᠧᠩᠵᠧᠨ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠫᠠᠶᠢᠰᠠ ᠡᠯᠭᠦᠨ ᠰᠢᠮᠳᠠᠭᠤᠯᠤᠨ ᠪᠠᠶᠢᠴᠠᠭᠠᠬᠤ ᠲᠤᠬᠠᠶ ᠬᠡᠷᠡᠭᠵᠢᠭᠦᠯᠬᠦ ᠲᠥᠰᠦᠯ︾ ᠢ ᠬᠢᠨᠠᠨ ᠵᠦᠪᠯᠡᠨ ᠪᠠᠲᠤᠯᠠᠵᠤ᠂ ᠵᠢᠷᠭᠤᠭᠠᠨ ᠲᠤᠰᠬᠠᠶ ᠲᠥᠷᠥᠯ ᠤᠨ ᠠᠬᠢᠭᠤᠯᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠬᠤᠯᠪᠣᠭᠳᠠᠯ ᠪᠥᠬᠦᠶ ᠵᠦᠢᠯᠡᠰ ᠢ ᠰᠤᠳᠤᠯᠪᠠ᠃   ᠸᠠᠩ ᠵᠧᠨ ᠬᠠᠢ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠄ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠳᠠᠶᠢᠯᠠᠯᠳᠤᠭᠠᠨ ᠨᠢᠭᠡᠨᠲᠡ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠵᠠᠩᠭᠢᠯᠠᠭ᠎ᠠ ᠶᠢᠨ ᠴᠠᠭ ᠮᠥᠴᠡ ᠳᠤ ᠤᠷᠤᠵᠦ᠂ ᠪᠦᠬᠦ ᠬᠤᠳᠠ ᠶᠢᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠯᠤᠰ ᠲᠦᠷᠦ ᠶᠢᠨ ᠵᠤᠬᠰᠤᠯᠳᠠ ᠪᠠᠨ ᠳᠡᠭᠡᠭᠰᠢᠯᠡᠭᠦᠯᠵᠦ᠂ ᠲᠤᠯᠭᠠᠮ᠎ᠠ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠭᠢᠯᠭᠡ ᠪᠠᠨ ᠦᠨᠡᠨᠬᠦ ᠴᠢᠩᠭᠠᠳᠬᠠᠵᠤ᠂ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠨᠠᠮ ᠪᠣᠯᠤᠨ ᠠᠷᠠᠳ ᠲᠦᠮᠡᠨ ᠳᠤ ᠬᠢᠷᠢ ᠲᠡᠩᠴᠡᠭᠰᠡᠨ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ᠃
  ᠸᠠᠩ ᠵᠧᠨ ᠬᠠᠢ ᠴᠢᠬᠤᠯᠠᠴᠢᠯᠠᠭᠰᠠᠨ ᠨᠢ᠄ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠡᠯ᠎ᠡ ᠬᠤᠲᠠ ᠶᠢᠨ ᠱᠠᠲᠤᠨ ᠤ ᠤᠳᠤᠷᠢᠳᠤᠯᠭ᠎ᠠ᠂ ᠲᠤᠰᠬᠠᠶ ᠲᠥᠷᠥᠯ ᠤᠨ ᠠᠬᠢᠭᠤᠯᠬᠤ ᠳᠤᠭᠤᠶᠢᠯᠠᠩ᠂ ᠠᠵᠢᠯ ᠲᠥᠷᠥᠯ ᠤᠨ ᠰᠠᠯᠠᠭ᠎ᠠ ᠮᠥᠴᠢᠷ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠤᠳᠤᠷᠢᠳᠬᠤ ᠲᠤᠭᠤᠶᠢᠯᠠᠩ᠂ ᠵᠢᠯᠣᠭᠤᠳᠬᠤ ᠭᠠᠵᠠᠷ ᠲᠣᠰ ᠲᠣᠰ ᠤᠨ ᠡᠭᠦᠷᠭᠡᠯᠡᠬᠦ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠪᠡᠶᠡᠴᠢ ᠴᠢᠳᠠᠮᠠᠭᠠᠶ ᠴᠢᠨᠠᠷ ᠢᠶᠠᠨ ᠪᠠᠳᠠᠷᠠᠭᠤᠯᠵᠤ᠂ ᠬᠠᠷᠢᠭᠤᠴᠠᠯᠭ᠎ᠠ ᠶᠢᠨ ᠲᠦᠷᠢᠮ ᠤᠨ ︽ᠵᠠᠩᠭᠢᠯᠠᠭ᠎ᠠ︾ ᠶᠢ ᠠᠳᠬᠤᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠠᠷᠢᠭᠤᠴᠠᠯᠭ᠎ᠠ ᠡᠬᠦᠷᠬᠡᠯᠡᠬᠦ ᠶᠢ ᠴᠢᠩᠭᠠᠳᠬᠠᠬᠤ ᠬᠡᠷᠡᠭᠲᠡᠶ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ᠂ ᠤᠳᠠᠭᠠᠨ ᠡᠪᠡᠳᠴᠢᠨ ᠢᠶᠠᠷ ᠡᠮ ᠬᠦᠷᠭᠡᠬᠦ ᠵᠡᠷᠭᠡ ᠭᠤᠤᠯᠳᠠᠯᠭ᠎ᠠ ᠲᠠᠢ ᠠᠰᠠᠭᠤᠳᠠᠯ ᠢ ᠰᠢᠢᠳᠪᠦᠷᠢᠯᠡᠬᠦ ᠳᠡᠭᠡᠷ᠎ᠡ ᠬᠦᠴᠦ ᠲᠠᠯᠪᠢᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠲᠤᠰᠬᠠᠶ ᠲᠥᠷᠥᠯ ᠤᠨ ᠠᠬᠢᠭᠤᠯᠬᠤ ᠳᠤᠭᠤᠶᠢᠯᠠᠩ ᠠᠯᠢᠪᠠ ᠬᠦᠴᠦᠨ ᠢ ᠲᠥᠪᠯᠡᠷᠡᠭᠦᠯᠵᠦ᠂ ᠣᠷᠬᠢᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠵᠦ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠠᠰᠠᠭᠤᠳᠠᠯ ᠢ ᠵᠢᠭᠰᠠᠭᠠᠨ ᠪᠠᠶᠢᠴᠠᠭᠠᠬᠤ ᠠᠵᠢᠯ ᠤᠨ ᠠᠬᠢᠴᠠ ᠶᠢ ᠲᠦᠷᠭᠡᠳᠬᠡᠵᠦ᠂ ᠵᠢᠭᠰᠠᠭᠠᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠪᠣᠶ ᠪᠥᠬᠦᠶ ᠠᠰᠠᠭᠤᠳᠠᠯ ᠢ 6 ᠰᠠᠷ᠎ᠠ ᠶᠢᠨ ᠳᠤᠮᠳᠠᠴᠢ ᠠᠴᠠ ᠡᠮᠦᠨ᠎ᠡ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠬᠡᠷᠬᠢᠪᠡᠴᠦ ᠮᠤᠬᠤᠷ ᠪᠤᠯᠤᠩ ᠦᠯᠡᠳᠡᠭᠡᠵᠦ ᠪᠣᠯᠬᠤ ᠥᠬᠡᠶ᠃ ᠲᠥᠷᠥᠯ ᠵᠦᠢᠯ ᠤᠨ ᠪᠡᠯᠡ ᠮᠥᠩᠭᠦ ᠶᠢᠨ ᠪᠠᠲᠤᠯᠠᠭ᠎ᠠ ᠶᠢᠨ ᠲᠠᠯ᠎ᠠ ᠪᠠᠷ ᠬᠦᠴᠦ ᠲᠠᠯᠪᠢᠵᠤ᠂ ︽ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠳᠤ ᠬᠤᠯᠪᠣᠭᠳᠠᠬᠤ ᠲᠤᠰᠬᠠᠶ ᠵᠦᠢᠯ ᠤᠨ ᠪᠡᠯᠡ ᠮᠥᠩᠭᠦ ᠶᠢ ᠴᠠᠭ ᠲᠤᠬᠠᠶ ᠳᠤᠨᠢ ᠰᠠᠯᠭᠠᠨ ᠥᠭᠴᠦ ᠪᠣᠳᠠᠲᠠᠶᠢᠵᠢᠭᠤᠯᠵᠤ᠂ ︽ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠰᠠᠶᠢᠵᠢᠷᠠᠭᠤᠯᠬᠤ︾ ᠠᠵᠢᠯ ᠢ ᠤᠷᠤᠭᠰᠢᠲᠠᠶ ᠠᠬᠢᠭᠤᠯᠵᠤ᠂ ᠴᠠᠭ ᠲᠠᠭᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃                  ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3