ᠹᠧᠩᠵᠧᠨ ᠬᠤᠲᠠ ᠶᠢᠨ ᠣᠯᠠᠨ ᠰᠠᠯᠠᠭ᠎ᠠ ᠮᠥᠴᠢᠷ ᠬᠠᠮᠲᠤᠷᠠᠨ ᠪᠦᠬᠦ ᠬᠤᠲᠠ ᠶᠢᠨ ᠨᠠᠰᠤᠵᠢᠯ ᠤᠨ ᠪᠠᠶᠢᠭᠤᠯᠤᠮᠵᠢ ᠶᠢ ᠪᠠᠶᠢᠴᠠᠭᠠᠨ ᠵᠢᠯᠣᠭᠤᠳᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2020-04-09
   ᠬᠠᠩᠰᠢ ᠡᠬᠢᠯᠡᠬᠦ ᠠᠴᠠ ᠡᠮᠦᠨᠡᠬᠡᠨ᠂ ᠹᠧᠩᠵᠧᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠵᠠᠬ᠎ᠠ ᠲᠡᠯᠭᠡᠭᠦᠷ  ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠠᠵᠢᠯᠯᠠᠬᠤ ᠳᠤᠭᠤᠶᠢᠯᠠᠩ ᠪᠠᠶᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠱᠤ᠋ ᠸᠧᠶ ᠵᠢᠯᠤᠭᠤᠳᠤᠨ ᠲᠠᠭᠠᠭᠤᠯᠵᠦ᠂ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠾᠧᠢ ᠲᠤ ᠲᠠᠢ ᠪᠠᠯᠭᠠᠰᠤᠨ ᠤ ᠲᠥᠪ ᠤᠨ ᠨᠠᠰᠤᠲᠠᠨ ᠢ ᠠᠰᠠᠷᠠᠬᠤ ᠬᠦᠷᠢᠶᠡᠯᠡᠩ᠂ ᠺᠠᠩ ᠱᠸᠦ ᠶᠤᠸᠠᠨ ᠤ ᠨᠠᠰᠤᠲᠠᠶᠢᠴᠤᠳ ᠤᠨ ᠨᠡᠶᠢᠳᠡ ᠶᠢᠨ ᠣᠷᠣᠨ ᠰᠠᠭᠤᠴᠠ᠂ ᠵᠢᠦ ᠶᠠᠩ ᠬᠤᠩ ᠨᠠᠰᠤᠲᠠᠨ ᠢ ᠠᠰᠠᠷᠠᠬᠤ ᠬᠦᠷᠢᠶᠡᠯᠡᠩ ᠵᠡᠷᠭᠡ ᠵᠢᠷᠭᠤᠭᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠭᠤᠤᠯᠳᠠᠯᠭ᠎ᠠ ᠲᠠᠢ᠂ ᠬᠠᠷᠠᠯᠲᠠ ᠲᠣᠳᠣᠷᠬᠠᠶ ᠪᠠᠶᠢᠴᠠᠭᠠᠨ ᠵᠢᠯᠣᠭᠤᠳᠬᠤ ᠠᠵᠢᠯ ᠥᠷᠨᠢᠭᠦᠯᠪᠡ᠃ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠪᠢᠲᠡᠭᠦᠮᠵᠢᠯᠡᠨ ᠬᠠᠮᠢᠶᠠᠷᠬᠤ ᠠᠵᠢᠯ ᠵᠢᠴᠢ ᠡᠯ᠎ᠡ ᠵᠦᠢᠯ ᠤᠨ ᠠᠶᠤᠯ ᠦᠭᠡᠶ ᠶᠢᠨ ᠬᠠᠮᠢᠶᠠᠷᠤᠯᠲᠠ ᠶᠢᠨ ᠠᠵᠢᠯ ᠢ ᠪᠠᠶᠢᠴᠠᠭᠠᠪᠠ᠃
   ᠡᠯ᠎ᠡ ᠨᠠᠰᠤᠲᠠᠨ ᠢ ᠠᠰᠠᠷᠠᠬᠤ ᠬᠦᠷᠢᠶᠡᠯᠡᠩ ᠳᠤ᠂ ᠯᠢ ᠱᠤ᠋ ᠸᠧᠶ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠡᠳᠦᠷ ᠲᠤᠲᠤᠮ ᠤᠨ ᠠᠷᠢᠭᠤᠳᠬᠠᠯ᠂ ᠨᠠᠰᠤᠲᠠᠶᠢᠴᠤᠳ ᠤᠨ ᠡᠷᠡᠭᠦᠯ ᠬᠠᠮᠠᠭᠠᠯᠠᠯ ᠤᠨ ᠬᠠᠮᠢᠶᠠᠷᠤᠯᠲᠠ᠂ ᠬᠦᠷᠢᠶᠡᠯᠡᠩ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ᠂ ᠡᠳ᠋ ᠪᠣᠳᠠᠰ ᠬᠤᠳᠠᠯᠳᠤᠨ ᠠᠪᠬᠤ᠂ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠢ ᠳᠣᠭᠢᠷᠠᠭᠤᠯᠬᠤ ᠵᠡᠷᠭᠡ ᠠᠵᠢᠯ ᠤᠨ ᠪᠠᠶᠢᠳᠠᠯ ᠢ ᠨᠠᠷᠢᠨ ᠣᠶᠢᠯᠠᠭᠠᠪᠠ︔ ᠬᠠᠮᠲᠤᠷᠠᠭᠰᠠᠨ ᠠᠵᠢᠯᠯᠠᠬᠤ ᠳᠤᠭᠤᠶᠢᠯᠠᠩ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠭᠠᠯ ᠤᠨᠲᠠᠷᠠᠭᠠᠬᠤ ᠲᠦᠬᠦᠬᠡᠷᠤᠮᠵᠢ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠱᠠᠭᠠᠷᠳᠠᠯᠭ᠎ᠠ ᠶᠣᠰᠣᠭᠠᠷ ᠲᠣᠬᠢᠷᠠᠭᠤᠯᠬᠤ ᠪᠥᠭᠡᠳ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ ᠶᠢ ᠲᠤᠬᠠᠶ ᠶᠢᠨ ᠭᠠᠵᠠᠷ ᠲᠤᠨᠢ ᠭᠦᠨᠵᠡᠭᠡᠶᠢᠷᠡᠨ ᠪᠠᠶᠢᠴᠠᠭᠠᠨ ᠦᠵᠡᠵᠦ᠂ ᠵᠤᠤᠬᠠᠨ ᠭᠡᠷ ᠲᠤ ᠣᠷᠣᠵᠤ ᠳᠤᠯᠠᠭᠠᠯᠠᠭ᠎ᠠ ᠶᠢᠨ ᠪᠠᠶᠢᠳᠠᠯ ᠢ ᠪᠠᠶᠢᠴᠠᠭᠠᠨ  ᠦᠵᠡᠪᠡ︔ ᠢᠳᠡᠭᠡᠨ ᠤ ᠲᠦᠭᠦᠬᠡᠶ ᠮᠠᠲ᠋ᠧᠷᠢᠶᠠᠯ ᠬᠤᠳᠠᠯᠳᠤᠨ ᠠᠪᠤᠬᠰᠠᠨ ᠭᠡᠷᠡᠴᠢ ᠪᠠᠷᠢᠮᠲᠠ ᠶᠢᠨ ᠲᠡᠮᠳᠡᠭᠯᠡᠯ᠂ ᠢᠳᠡᠭᠡᠨ ᠤᠮᠳᠠᠭᠠᠨ ᠤ ᠪᠠᠭᠠᠵᠢ ᠬᠡᠷᠡᠭᠰᠡᠯ ᠢ ᠤᠬᠢᠶᠠᠵᠤ ᠠᠷᠢᠭᠤᠳᠬᠠᠭᠰᠠᠨ ᠲᠡᠮᠳᠡᠭᠯᠡᠯ ᠢ ᠬᠢᠨᠠᠮᠠᠭᠠᠶ ᠪᠠᠶᠢᠴᠠᠭᠠᠨ ᠦᠵᠡᠬᠦ ᠶᠢᠨ ᠬᠠᠮᠲᠤ ᠢᠳᠡᠭᠡᠨ ᠤ ᠶᠠᠩᠵᠤ ᠦᠯᠡᠳᠡᠭᠡᠬᠦ ᠵᠡᠷᠭᠡ ᠪᠠᠶᠢᠳᠠᠯ ᠢ ᠪᠠᠶᠢᠴᠠᠭᠠᠪᠠ᠃
   ᠯᠢ ᠱᠤ᠋ ᠸᠧᠶ᠄ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠬᠠᠷᠢᠭᠤᠴᠠᠯᠭ᠎ᠠ ᠬᠦᠨᠳᠦ ᠶᠡᠭᠡ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠡᠷᠬᠡᠪᠰᠢ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠬᠦ ᠬᠡᠷᠡᠭᠲᠡᠶ᠃ ᠨᠠᠰᠤᠲᠠᠨ ᠢ ᠠᠰᠠᠷᠠᠬᠤ ᠡᠯ᠎ᠡ ᠬᠦᠷᠢᠶᠡᠯᠡᠩ ᠪᠦᠬᠦᠨ ᠢ ᠪᠢᠲᠡᠭᠦᠮᠵᠢᠯᠡᠨ ᠬᠠᠮᠢᠶᠠᠷᠬᠤ ᠶᠢ ᠴᠢᠩᠭ᠎ᠠ ᠬᠡᠷᠡᠭᠵᠢᠭᠦᠯᠵᠦ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠡᠮᠨᠡᠯᠭᠡ ᠶᠢᠨ ᠬᠤᠷᠢᠶᠠᠨ ᠳᠤ ᠰᠢᠨ᠎ᠡ ᠪᠠᠷ ᠣᠷᠣᠵᠤ ᠪᠣᠯᠬᠤ ᠥᠬᠡᠶ᠂ ᠡᠮᠨᠡᠯᠭᠡ ᠳᠤ ᠣᠷᠣᠵᠤ ᠡᠷᠭᠢᠵᠦ ᠦᠵᠡᠬᠦ ᠪᠠ ᠲᠣᠭᠤᠷᠢᠨ ᠦᠵᠡᠬᠦ ᠶᠢ ᠴᠠᠭᠠᠵᠠᠯᠠᠵᠦ᠂ ᠬᠠᠯᠳᠠᠪᠤᠷᠢᠯᠠᠬᠤ ᠨᠣᠷᠮ᠎ᠠ ᠶᠢ ᠪᠠᠭᠠᠰᠬᠠᠬᠤ ᠬᠡᠷᠡᠭᠲᠡᠶ︔ ᠬᠤᠪᠢᠳᠠᠨ ᠬᠤᠭᠤᠯᠠᠯᠠᠬᠤ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ︔ ᠲᠣᠭᠲᠠᠭᠰᠠᠨ ᠴᠠᠭ ᠲᠤ ᠪᠡᠶ᠎ᠡ ᠶᠢᠨ ᠳᠤᠯᠠᠭᠠᠨ ᠢ ᠬᠡᠮᠵᠢᠬᠦ ᠶᠢ ᠴᠢᠩᠭ᠎ᠠ ᠬᠡᠷᠡᠭᠵᠢᠭᠦᠯᠵᠦ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠡᠮᠨᠡᠯᠭᠡ ᠳᠤ ᠬᠦᠷᠭᠡᠨ᠎ᠡ︔ ᠠᠷᠢᠭᠤᠳᠬᠠᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠡᠳᠦᠷ ᠪᠦᠷᠢ ᠠᠷᠢᠭᠤᠳᠬᠠᠬᠤ ᠰᠢᠩᠭᠡᠨ ᠢᠶᠠᠷ ᠬᠦᠷᠢᠶᠡᠨ ᠤ ᠲᠤᠳᠤᠷ᠎ᠠ ᠬᠡᠷ᠂ ᠲᠣᠭᠤᠭᠠᠨ ᠬᠡᠷ ᠪᠠ ᠬᠤᠭᠤᠯᠠᠨ ᠬᠡᠷ ᠵᠡᠷᠭᠡ ᠲᠠᠯᠠᠪᠤᠷ ᠢ 2 ᠤᠳᠠᠭ᠎ᠠ ᠠᠷᠢᠭᠤᠳᠬᠠᠬᠤ ᠬᠡᠷᠡᠭᠲᠡᠶ︔ 24 ᠴᠠᠭ ᠤᠨ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠭᠠᠯ ᠰᠡᠷᠭᠡᠶᠢᠯᠡᠬᠦ ᠪᠠ ᠢᠳᠡᠭᠡᠨ ᠤ ᠠᠶᠤᠯ ᠦᠭᠡᠢ ᠶᠢᠨ ᠠᠵᠢᠯ ᠢ ᠤᠨᠴᠠᠭᠠᠶᠢᠯᠠᠨ ᠠᠩᠬᠠᠷᠬᠤ ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠠᠵᠢᠯᠲᠠᠳ ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠪᠠᠶᠢᠳᠠᠯ ᠢ ᠨᠢᠭᠲᠠ ᠠᠩᠬᠠᠷᠴᠤ᠂ ᠰᠡᠳᠬᠢᠯ ᠰᠠᠨᠠᠭᠠᠨ ᠤ ᠬᠠᠪᠰᠤᠷᠤᠨ ᠵᠢᠯᠣᠭᠤᠳᠣᠯᠭ᠎ᠠ ᠶᠢ ᠬᠦᠯᠢᠴᠡᠩᠭᠦᠶ ᠨᠢᠮᠪᠠᠶ ᠰᠠᠶᠢᠳᠤᠷ ᠬᠢᠵᠦ᠂ ᠪᠠᠴᠢᠮᠳᠠᠬᠤ ᠰᠡᠳᠬᠢᠯᠭᠡ ᠶᠢ ᠲᠠᠶᠢᠳᠬᠤᠷᠠᠭᠤᠯᠤᠨ᠂ ᠨᠠᠰᠤᠲᠠᠶᠢᠴᠤᠳ ᠤᠨ ᠰᠡᠳᠬᠢᠯ ᠲᠠᠶᠢᠪᠤᠭᠤᠨ᠂ ᠰᠠᠨᠠᠭ᠎ᠠ ᠠᠮᠤᠷ ᠰᠠᠭᠤᠬᠤ ᠶᠢ ᠪᠠᠲᠤᠯᠠᠬᠤ ᠬᠡᠷᠡᠭᠲᠡᠶ ᠬᠡᠵᠦ ᠱᠠᠭᠠᠷᠳᠠᠪᠠ᠃
                                                ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3