ᠹᠧᠩᠵᠧᠨ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠡᠤ ᠳ᠋ᠡ ᠰᠢ ᠰᠠᠨ ᠢ ᠴᠢᠤᠸᠠᠨ ᠪᠠᠯᠭᠠᠰᠤᠨ ᠤ ᠶᠢᠨ ᠮᠠ ᠴᠢᠤᠸᠠᠨ ᠲᠣᠰᠬᠤᠨ ᠳᠤ ᠭᠦᠨᠵᠡᠭᠡᠶᠢᠷᠡᠨ ᠣᠢ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠢ ᠵᠢᠯᠣᠭᠤᠳᠪᠠ
ᠨᠡᠶᠢᠲᠡᠯᠡᠭᠰᠡᠨ ᠴᠠᠭ᠄
2020-04-09
   4 ᠰᠠᠷ᠎ᠠ ᠶᠢᠨ 4 ᠤ ᠦᠳᠡ ᠶᠢᠨ ᠡᠮᠦᠨ᠎ᠡ᠂ ᠹᠧᠩᠵᠧᠨ ᠬᠤᠲᠠ ᠶᠢᠨ ᠠᠷᠠᠳ ᠤᠨ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠢᠶᠠᠨ ᠳᠠᠷᠤᠭ᠎ᠠ ᠡᠤ ᠳ᠋ᠡ ᠰᠢ ᠰᠠᠨ ᠢ ᠴᠢᠤᠸᠠᠨ ᠪᠠᠯᠭᠠᠰᠤᠨ ᠤ ᠶᠢᠨ ᠮᠠ ᠴᠢᠤᠸᠠᠨ ᠲᠣᠰᠬᠤᠨ ᠳᠤ ᠭᠦᠨᠵᠡᠭᠡᠶᠢᠷᠡᠨ ᠣᠢ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠢ ᠵᠢᠯᠣᠭᠤᠳᠪᠠ᠃    ᠡᠤ ᠬᠤᠷᠢᠶᠠᠨ ᠳᠠᠷᠤᠭ᠎ᠠ ᠰᠢᠭᠦᠬᠦ ᠬᠤᠷᠢᠶᠠᠨ ᠤ ᠭᠠᠯ ᠰᠡᠷᠭᠡᠶᠢᠯᠡᠨ ᠤᠨᠲᠠᠷᠠᠭᠠᠬᠤ ᠬᠤᠪᠢᠶᠠᠷᠢ ᠠᠩᠭᠢ ᠶᠢᠨ ᠺᠠᠳ᠋ᠷ ᠴᠠᠭᠳᠠᠭ᠎ᠠ ᠨᠠᠷ ᠠᠴᠠ ᠣᠢ ᠰᠢᠭᠤᠶ ᠶᠢᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠳᠠᠷᠠᠭ᠎ᠠ ᠨᠢ ᠠᠭᠤᠯᠠᠨ ᠳᠤ ᠣᠷᠣᠬᠤ ᠵᠠᠮ ᠵᠡᠷᠭᠡ ᠭᠠᠯ ᠰᠡᠷᠭᠡᠶᠢᠯᠡᠨ ᠭᠠᠯ ᠤᠨᠳᠠᠷᠭᠠᠬᠤ ᠡᠭᠦᠷᠭᠡ ᠬᠦᠢᠴᠡᠳᠭᠡᠬᠦ ᠴᠡᠭ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠦᠭᠡᠳ ᠬᠠᠷᠠᠭᠤᠯ ᠢᠶᠠᠨ ᠪᠠᠲᠤ ᠰᠠᠬᠢᠵᠤ ᠪᠠᠶᠢᠭ᠎ᠠ ᠡᠭᠦᠷᠭᠡ ᠬᠦᠢᠴᠡᠳᠭᠡᠭᠴᠢ ᠺᠠᠳ᠋ᠷ ᠴᠠᠭᠳᠠᠭ᠎ᠠ ᠶᠢ ᠲᠣᠬᠤᠨᠢᠭᠤᠯᠵᠠᠶ᠃     ᠦ᠋ ᠬᠤᠷᠢᠶᠠᠨ ᠳᠠᠷᠤᠭ᠎ᠠ ᠴᠢᠬᠤᠯᠠᠴᠢᠯᠠᠭᠰᠠᠨ ᠨᠢ᠄ ᠭᠠᠯ ᠰᠡᠷᠭᠡᠶᠢᠯᠡᠨ ᠭᠠᠯ ᠤᠨᠲᠠᠷᠠᠭᠠᠬᠤ ᠵᠢᠵᠢᠭᠦᠷᠯᠡᠨ ᠰᠠᠬᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠦ ᠤᠨᠳᠠᠷᠭᠠᠬᠤ ᠠᠵᠢᠯ ᠤᠨ ᠬᠦᠨᠳᠦ ᠨᠣᠴᠢᠲᠠᠶ ᠪᠠᠶᠢᠳᠠᠯ ᠢ ᠬᠦᠢᠴᠡᠳ ᠲᠠᠨᠢᠵᠤ᠂ ᠬᠡᠭᠡᠷ᠎ᠡ ᠭᠠᠳᠠᠨᠠᠬᠢ ᠭᠠᠯ ᠤᠨ ᠡᠬᠢ ᠰᠤᠷᠪᠤᠯᠵᠢ ᠶᠢ ᠲᠤᠰᠬᠠᠶ ᠵᠠᠰᠠᠬᠤ ᠠᠵᠢᠯᠯᠠᠭ᠎ᠠ ᠶᠢ ᠭᠦᠨᠵᠡᠭᠡᠶ ᠯᠠᠪᠳᠠᠭᠤᠨ ᠪᠠᠲᠤᠲᠠᠶ ᠥᠷᠨᠢᠭᠦᠯᠵᠦ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠣᠳᠠᠲᠠᠶ ᠠᠳᠬᠤᠬᠤ ᠶᠢ ᠦᠨᠡᠨ ᠬᠦ ᠪᠠᠲᠤᠯᠠᠬᠤ ᠬᠡᠷᠡᠭᠲᠡᠶ᠃                          ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3