ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯ ᠳᠤ ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠲᠤᠬᠠᠶ ᠠᠯᠪᠠᠨ ᠵᠠᠷᠯᠠᠯ
ᠨᠡᠶᠢᠲᠡᠯᠡᠭᠰᠡᠨ ᠴᠠᠭ᠄
2020-05-11
     ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠢᠷᠡᠯ ᠤᠨ ᠠᠰᠠᠭᠤᠳᠠᠯ ᠤᠨ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠬᠤᠲᠠ ᠶᠠᠭ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠢᠷᠡᠯ ᠤᠨ ᠠᠰᠠᠭᠤᠳᠠᠯ ᠤᠨ ᠲᠤᠰᠬᠠᠢ ᠵᠠᠰᠠᠯᠲᠠ ᠶᠢ ᠪᠦᠬᠦ ᠲᠠᠯ᠎ᠠ ᠪᠠᠷ ᠥᠷᠨᠢᠭᠦᠯᠵᠦ ᠪᠠᠶᠢᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠳᠦᠷᠢᠮ ᠤᠨ ᠲᠣᠭᠲᠠᠭᠠᠯ ᠶᠣᠰᠣᠭᠠᠷ᠂ ᠪᠦᠬᠦ ᠬᠤᠲᠠ ᠶᠢᠨ 2013 ᠣᠨ ᠠᠴᠠ 2019 ᠣᠨ ᠪᠣᠯᠲᠠᠯ᠎ᠠ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠣᠯᠤᠭᠰᠠᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠶᠢᠨ ᠬᠢᠨᠠᠨ ᠵᠥᠪᠰᠢᠶᠡᠷᠡᠬᠦ ᠭᠠᠷᠳᠠᠮ ᠭᠦᠢᠴᠡᠳᠬᠡᠭᠰᠡᠨ ᠦᠭᠡᠶ ᠪᠣᠶᠣ ᠨᠢᠭᠡᠨᠲᠡ ᠬᠢᠨᠠᠨ ᠵᠥᠪᠰᠢᠶᠡᠷᠡᠭᠦᠯᠬᠦ ᠭᠠᠷᠳᠠᠮ ᠭᠦᠶ᠋ᠴᠡᠳᠬᠡᠭᠰᠡᠨ ᠪᠣᠯᠪᠠᠴᠤ ᠭᠠᠵᠠᠷ ᠰᠣᠯᠢᠵᠤ ᠪᠦᠲᠦᠭᠡᠨ ᠪᠠᠶᠢᠭᠤᠯᠬᠤ ᠰᠦᠶ᠋ᠳᠬᠡᠯ ᠢᠶᠠᠨ ᠲᠤᠰᠢᠶᠠᠭᠠᠳᠤᠢ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠪᠠᠷᠢᠯᠭ᠎ᠠ ᠳᠠᠭᠤᠰᠴᠤ ᠰᠢᠯᠭᠠᠨ ᠠᠪᠤᠭᠰᠠᠨ ᠦᠭᠡᠶ ᠵᠡᠷᠭᠡ ᠲᠥᠷᠥᠯ ᠵᠦᠶ᠋ᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠢ ᠨᠢ ᠲᠤᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠲᠤᠰᠬᠠᠶ ᠵᠦᠶ᠋ᠯ ᠢᠶᠠᠷ ᠵᠠᠰᠠᠬᠤ ᠠᠵᠢᠯ ᠳᠤ ᠢᠳᠡᠪᠬᠢᠲᠡᠶ ᠬᠠᠮᠵᠢᠯᠴᠠᠵᠤ᠂ ᠲᠤᠰ ᠭᠠᠵᠠᠷ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠠᠯᠠᠭ᠎ᠠ ᠮᠥᠴᠢᠷ ᠲᠤ ᠰᠠᠨᠠᠭᠠᠴᠢᠯᠠᠭ᠎ᠠ ᠠᠴᠠ ᠪᠠᠨ ᠬᠦᠷᠴᠦ ᠬᠠᠮᠢᠶ᠎ᠠ ᠪᠦᠬᠦᠢ ᠭᠠᠷᠳᠠᠮ ᠭᠦᠢᠴᠡᠳᠬᠡᠨ᠎ᠡ᠂ ᠬᠤᠭᠤᠴᠠᠭ᠎ᠠ ᠬᠡᠲᠦᠷᠡᠲᠡᠯ᠎ᠡ ᠭᠦᠢᠴᠡᠳᠭᠡᠬᠦ ᠦᠭᠡᠢ ᠪᠤᠶᠤ ᠭᠠᠵᠠᠷ ᠰᠣᠯᠢᠵᠤ ᠪᠦᠲᠦᠭᠡᠨ ᠪᠠᠶᠢᠭᠤᠯᠬᠤ ᠰᠦᠢᠳᠬᠡᠯ ᠢᠶᠠᠨ ᠲᠤᠰᠢᠶᠠᠬᠤ ᠦᠭᠡᠶ ᠪᠦᠲᠦᠭᠡᠨ ᠪᠠᠶᠢᠭᠤᠯᠤᠯᠲᠠ ᠶᠢᠨ ᠨᠢᠭᠡᠴᠢ ᠳᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠠᠯᠠᠭ᠎ᠠ ᠮᠥᠴᠢᠷ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠬᠦ ᠶᠢᠨ ᠬᠠᠮᠲᠤ ᠠᠷᠠᠳ ᠤᠨ ᠰᠢᠭᠦᠬᠦ ᠬᠤᠷᠢᠶ᠎ᠠ ᠳᠤ ᠭᠤᠶᠤᠴᠢᠯᠠᠯ ᠭᠠᠷᠭᠠᠵᠤ ᠠᠯᠪᠠᠳᠠᠨ ᠬᠡᠷᠡᠭᠵᠢᠭᠦᠯᠦᠨ᠎ᠡ᠃ ᠡᠭᠦᠨ ᠤ ᠬᠠᠮᠲᠤ ᠢᠲᠡᠭᠡᠯ ᠠᠯᠳᠠᠭᠰᠠᠨ ᠨᠡᠷᠡᠰ ᠲᠤ ᠣᠷᠣᠭᠤᠯᠵᠤ᠂ ᠤᠯᠠᠭᠠᠨᠴᠠᠪ ᠬᠤᠲᠠ ᠶᠢᠨ ᠬᠢᠯᠢ ᠳᠣᠲᠣᠷ᠎ᠠ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠡᠵᠡᠩᠨᠡᠬᠦ ᠠᠵᠢᠯᠯᠠᠭ᠎ᠠ ᠬᠢᠬᠦ ᠶᠢ ᠨᠢ ᠬᠢᠵᠠᠭᠠᠷᠯᠠᠨ᠎ᠠ᠃   ᠬᠠᠷᠢᠯᠴᠠᠬᠤ ᠬᠥᠮᠦᠨ ᠵᠢᠴᠢ ᠬᠠᠷᠢᠯᠴᠠᠬᠤ ᠤᠲᠠᠰᠤ᠄    ᠭᠤᠤᠯ ᠬᠤᠲᠠ ᠲᠣᠭᠤᠷᠢᠭ᠄ ᠵᠠᠶ ᠵᠢᠶᠧ 15848049585    ᠯᠢᠦ ᠢ 18647444440    ᠹᠧᠩᠵᠧᠨ ᠬᠤᠳᠠ᠄ ᠮᠧᠩ ᠸᠧᠨ ᠴᠢᠶᠠᠩ 15144841212    ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠄ ᠭᠤᠤ ᠳ᠋ᠦᠩ ᠳ᠋ᠦᠩ 13190656963    ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠄ ᠴᠧᠨ ᠱᠧᠩ ᠯᠢ 15848048100    ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠄ ᠶᠠᠩ ᠶᠠᠨ ᠵᠠᠩ 13947463555    ᠳᠥᠷᠪᠡᠳ ᠬᠤᠰᠢᠭᠤ᠄ ᠶᠠᠩ ᠬᠤᠤ 18104713557    ᠵᠦᠸᠧᠽᠢ ᠰᠢᠶᠠᠨ᠄ ᠵᠠᠩ ᠸᠧᠨ ᠴᠧᠨ 18004803338    ᠯᠢᠶᠠᠩᠴᠧᠩ ᠰᠢᠶᠠᠨ᠄ ᠵᠧᠩ ᠵᠢᠶᠠᠨ 15848463928    ᠰᠢᠩ ᠾᠧ ᠰᠢᠶᠠᠨ᠄ ᠴᠧᠨ ᠮᠧᠶ 13190648166    ᠱᠠᠩᠳᠤ ᠰᠢᠶᠠᠨ᠄ ᠰᠢᠶᠤ ᡁᠢ ᠮᠢᠩ 15047436251    ᠬᠤᠸᠠᠳᠧ ᠰᠢᠶᠠᠨ᠄ ᠪᠦᠦ ᠶᠧ 15048444091 ᠣᠨᠴᠠᠭᠠᠶᠢᠯᠠᠨ ᠵᠠᠷᠯᠠᠪᠠ      ᠤᠯᠠᠭᠠᠨᠴᠠᠪ ᠬᠤᠲᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠶ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ                              2020 ᠣᠨ ᠤ 5 ᠰᠠᠷ᠎ᠠ ᠶᠢᠨ 7 ᠤ ᠡᠳᠦᠷ    ᠪᠡᠯᠡᠳᠭᠡᠭᠰᠡᠨ ᠨᠢ᠄  ᠼᠦᠢ ᠶᠢᠩ   ᠢᠷᠡᠯᠳᠡ᠄  ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠮᠤᠩᠭᠤᠯ ᠰᠦᠯᠵᠢᠶ᠎ᠡ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3