ᠹᠧᠩᠵᠧᠨ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠫᠠᠶᠢᠰᠠ ᠡᠯᠬᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2020-05-13
     5 ᠰᠠᠷ᠎ᠠ ᠶᠢᠨ 12 ᠤᠨ ᠡᠳᠦᠷ᠂ ᠮᠠᠨ ᠤ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠫᠠᠶᠢᠰᠠ ᠡᠯᠭᠦᠨ ᠪᠠᠶᠢᠭᠤᠯᠤᠭᠳᠠᠵᠤ᠂ ᠹᠧᠩᠵᠧᠨ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠦᠮᠴᠢᠯᠡᠬᠦ ᠡᠷᠬᠡ ᠶᠢᠨ ᠲᠣᠪᠴᠢᠶ᠎ᠠ ᠶᠢᠨ ᠳᠠᠷᠤᠭ᠎ᠠ ᠲᠧᠩ ᠯᠢ ᠪᠢᠩ ᠪᠣᠯᠤᠨ ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠶᠣᠣ ᠱᠧᠩ ᠫᠠᠶᠢᠰᠠ ᠡᠯᠬᠦᠬᠦ ᠶᠣᠰᠣᠯᠠᠯ ᠳᠤ ᠣᠷᠣᠯᠴᠠᠪᠠ᠃
   ᠶᠣᠰᠣᠯᠠᠯ ᠳᠡᠭᠡᠷ᠎ᠡ᠂ ᠲᠣᠪᠴᠢᠶᠠᠨ ᠳᠠᠷᠤᠭ᠎ᠠ ᠲᠧᠩ ᠯᠢ ᠪᠢᠩ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠶᠢᠨ ᠢᠷᠡᠭᠡᠳᠦᠶ ᠶᠢᠨ ᠠᠵᠢᠯ ᠳᠤ ᠱᠠᠭᠠᠷᠳᠠᠯᠭ᠎ᠠ ᠳᠤᠷᠠᠳᠪᠠ᠄ ᠲᠤᠰᠬᠠᠶ ᠠᠰᠢᠭ ᠢᠶᠠᠷ ᠭᠤᠤᠯ ᠪᠤᠯᠭᠠᠬᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠳᠤᠮᠳᠠᠬᠢ ᠴᠢᠬᠤᠯᠠ ᠦᠢᠯᠡᠳᠦᠯ ᠢ ᠲᠠᠨᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠠᠵᠢᠯ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ︔ ᠮᠠᠨ ᠤ ᠬᠤᠲᠠ ᠳᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠬᠤ ᠬᠡᠷᠡᠭᠲᠡᠢ︔ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠭᠦᠢᠴᠡᠳ ᠠᠰᠢᠬᠯᠠᠨ᠂ ᠥᠪᠡᠷ ᠤᠨ ᠪᠦᠲᠦᠭᠡᠭᠳᠡᠬᠦᠨ ᠤ ᠫᠠᠶᠢᠰᠠ ᠶᠢ ᠡᠭᠦᠳᠴᠦ᠂ ᠮᠠᠨ ᠤ ᠬᠤᠲᠠ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃
   ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ ᠪᠠᠶᠢᠭᠤᠯᠤᠭᠳᠠᠭᠰᠠᠨ ᠤ ᠳᠠᠷᠠᠭ᠎ᠠ᠂ ᠮᠠᠨ ᠤ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠦ᠂ ᠠᠰᠢᠭ ᠲᠤᠰᠠ ᠶᠢᠨ ᠬᠠᠷᠢᠴᠠᠭ᠎ᠠ ᠶᠢ ᠲᠣᠬᠢᠷᠠᠭᠤᠯᠵᠤ᠂ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠠᠮᠰᠢᠭᠤᠯᠤᠨ ᠪᠠᠲᠤᠯᠠᠵᠤ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠥᠬᠦᠶ ᠠᠵᠤ ᠦᠢᠯᠡᠰ ᠤᠨ ᠪᠦᠷᠢᠯᠳᠦᠯ ᠪᠠ ᠬᠥᠭᠵᠢᠯᠲᠡ ᠶᠢ ᠲᠡᠳᠬᠦᠨ ᠬᠠᠮᠠᠭᠠᠯᠠᠵᠤ᠂ ᠮᠠᠨ ᠤ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃                                  ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3