| ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠨᠠᠷᠢᠯᠢᠭ ᠤᠨᠤᠪᠴᠢᠳᠠᠢ ᠪᠠᠷ ᠶᠠᠳᠠᠭᠤ ᠶᠢ ᠲᠡᠳᠬᠦᠬᠦ | ᠂ ᠨᠠᠷᠢᠯᠢᠭ ᠣᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠠᠵᠢᠯ ᠢ ᠤᠯᠠᠮ ᠨᠢᠭᠡ ᠠᠯᠬᠤᠮ ᠠᠬᠢᠭᠤᠯᠬᠤ ᠶᠢᠨ | ᠲᠦᠯᠦᠬᠡ᠂ ᠤᠯᠠᠭᠠᠨᠴᠠᠪ ᠬᠤᠲᠠ ᠶᠢᠨ ᠱᠠᠭᠠᠷᠳᠠᠯᠭ᠎ᠠ ᠶᠣᠰᠣᠭᠠᠷ᠂ 5 ᠰᠠᠷ᠎ᠠ ᠶᠢᠨ 12 ᠤᠨ ᠡᠳᠦᠷ ᠤᠨ ᠦᠳᠡ ᠶᠢᠨ | ᠡᠮᠦᠨ᠎ᠡ᠂ ᠬᠠᠭᠤᠴᠢᠨ ᠬᠤᠲᠠ ᠲᠣᠭᠤᠷᠢᠭ ᠤᠨᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠᠰᠢᠪᠲᠤᠯᠬᠤ ᠪᠤᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ | ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠳᠤᠷᠢᠳᠬᠤ ᠪᠠᠭ ᠤᠨ ᠪᠦᠷᠢᠯᠳᠦᠬᠦᠨ᠂ ᠳᠠᠭᠠᠭᠠᠨ | ᠲᠡᠳᠬᠦᠬᠦ ᠬᠠᠷᠢᠭᠤᠴᠠᠯᠭᠠᠲᠠᠨ᠂ ᠪᠠᠶᠢᠭᠤᠯᠭ᠎ᠠ ᠪᠠ ᠨᠡᠶᠢᠭᠡᠮ ᠲᠣᠭᠤᠷᠢᠭ ᠤᠨ ᠺᠠᠳ᠋ᠷ ᠠᠵᠢᠯᠳᠠᠨ ᠵᠡᠷᠭᠡ 40 ᠭᠠᠷᠤᠢ | ᠬᠥᠮᠦᠨ ᠪᠤᠯᠪᠠᠰᠤᠷᠠᠭᠤᠯᠤᠯ ᠳᠤ ᠣᠷᠣᠯᠴᠠᠪᠠ᠃ | ᠬᠤᠷᠠᠯ ᠳᠡᠭᠡᠷ᠎ᠡ᠂ 2020 ᠣᠨ ᠤ ᠤᠯᠠᠭᠠᠨᠴᠠᠪ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠭᠤᠤᠯᠳᠠᠯᠭ᠎ᠠ ᠲᠠᠢ ᠪᠤᠯᠪᠠᠰᠤᠷᠠᠭᠤᠯᠤᠯ ᠤᠨ ᠬᠢᠴᠢᠶᠡᠯ ᠢ ᠵᠣᠬᠢᠶᠠᠨ ᠪᠠᠶᠢᠭᠤᠯᠤᠨ ᠦᠵᠡᠵᠦ᠂ | ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠣᠳᠣᠬᠠᠨ ᠤ ᠶᠠᠳᠠᠭᠤ ᠶᠢ ᠲᠡᠳᠬᠦᠬᠦ ᠪᠠᠶᠢᠳᠠᠯ᠂ | ᠶᠠᠳᠠᠭᠤ ᠶᠢ ᠲᠡᠳᠬᠦᠬᠦ ᠱᠠᠭᠠᠷᠳᠠᠯᠭ᠎ᠠ ᠵᠢᠴᠢ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠲᠤᠬᠠᠶ ᠭᠦᠨᠵᠡᠭᠡᠶ | ᠲᠠᠶᠢᠯᠤᠮᠵᠢ ᠬᠢᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠡᠳᠬᠢᠮᠵᠢ᠂ ᠲᠦᠷᠦ ᠶᠢᠨ | ᠪᠤᠳᠤᠯᠭ᠎ᠠ ᠪᠠ ᠠᠷᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ | ᠬᠡᠪ ᠴᠢᠨᠠᠷ ᠪᠠ ᠴᠢᠳᠠᠪᠤᠷᠢ ᠶᠢ ᠳᠡᠭᠡᠭᠰᠢᠯᠡᠭᠦᠯᠪᠡ᠃ | ᠬᠤᠷᠠᠯ ᠠᠴᠠ ᠬᠤᠷᠠᠯ ᠳᠤ ᠣᠷᠣᠯᠴᠠᠭᠰᠠᠳ ᠢ ᠲᠤᠰ ᠤᠳᠠᠭᠠᠨ ᠤ ᠪᠣᠯᠪᠠᠰᠤᠷᠠᠯ ᠤᠨ ᠴᠢᠬᠤᠯᠠ ᠴᠢᠨᠠᠷ ᠪᠠ | ᠴᠢᠬᠤᠯᠠ ᠴᠢᠨᠠᠷ ᠢ ᠭᠦᠨᠵᠡᠭᠡᠶ ᠲᠠᠨᠢᠵᠤ᠂ ᠡᠨᠡ ᠤᠳᠠᠭᠠᠨ ᠤ ᠪᠣᠯᠪᠠᠰᠤᠷᠠᠭᠤᠯᠤᠯ ᠢᠶᠠᠷ ᠠᠵᠠ ᠲᠣᠬᠢᠶᠠᠯ ᠪᠣᠯᠭᠠᠨ᠂ | ᠲᠥᠷᠥ ᠶᠢᠨ ᠪᠣᠳᠣᠯᠭ᠎ᠠ ᠶᠢ ᠰᠤᠷᠤᠯᠴᠠᠨ ᠤᠶᠢᠯᠠᠭᠠᠵᠦ᠂ ᠠᠰᠠᠭᠤᠳᠠᠯ ᠢ ᠪᠠᠷᠢᠨ ᠬᠡᠷᠡᠭᠵᠢᠭᠦᠯᠵᠦ ᠪᠠᠷᠢᠨ ᠥᠭᠡᠷᠡᠴᠢᠯᠡᠵᠦ | ᠂ ᠠᠵᠢᠯ ᠢᠶᠠᠨ ᠱᠠᠯᠠᠪᠳᠠᠨ ᠪᠣᠳᠠᠲᠠᠶ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ | ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠳᠠ ᠶᠢ ᠰᠠᠶᠢᠲᠤᠷ ᠠᠳᠬᠤᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠪᠠᠳᠤᠯᠠᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠬᠦᠯᠬᠦ ᠬᠡᠷᠡᠭᠳᠡᠢ | ᠬᠡᠵᠦ ᠱᠠᠭᠠᠷᠳᠠᠪᠠ᠃ | | ᠤᠷᠴᠢᠭᠤᠯᠤᠬᠴᠢ᠄ ᠼᠦᠢ ᠶᠢᠩ |