| 5 ᠰᠠᠷ᠎ᠠ ᠶᠢᠨ 14 ᠤ ᠡᠳᠦᠷ᠂ ᠮᠠᠨ ᠤ ᠬᠤᠲᠠ ᠪᠦᠬᠦ ᠬᠤᠲᠠ ᠶᠢᠨ ︽ᠱᠠᠯᠢᠭ ᠵᠠᠪᠬᠠᠢ ᠶᠢ ᠠᠷᠢᠯᠭᠠᠵᠤ ᠬᠠᠤᠯᠢ | ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠪᠥᠬᠦ ᠬᠤᠳᠠ ᠶᠢᠨ | ︽ᠱᠠᠯᠢᠭ ᠵᠠᠪᠬᠠᠶ ᠶᠢ ᠱᠦᠭᠦᠷᠳᠡᠨ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ | ᠤᠳᠤᠷᠢᠳᠬᠤ ᠳᠤᠭᠤᠶᠢᠯᠠᠩ ᠤᠨ ᠳᠠᠷᠤᠭ᠎ᠠ ᠶᠠᠩ ᠵᠢᠶ ᠴᠦᠨ ᠬᠤᠷᠠᠯ ᠳᠤ ᠣᠷᠣᠯᠴᠠᠭᠰᠠᠨ ᠪᠥᠭᠡᠳ ᠠᠵᠢᠯ ᠤᠨ | ᠲᠣᠬᠢᠷᠠᠭᠤᠯᠤᠯᠲᠠ ᠬᠢᠪᠠ᠃ | | ᠬᠤᠷᠠᠯ ᠠᠴᠠ ᠱᠠᠭᠠᠷᠳᠠᠭᠰᠠᠨ ᠨᠢ᠂ ᠱᠠᠯᠢᠭ ᠵᠠᠪᠬᠠᠶ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ | ᠴᠣᠬᠢᠯᠲᠠ ᠥᠭᠬᠦ ᠠᠵᠢᠯ ᠨᠢ ᠨᠡᠶᠢᠭᠡᠮ ᠰᠣᠶᠣᠯ ᠤᠨ ᠣᠷᠴᠢᠨ ᠲᠣᠭᠤᠷᠢᠨ ᠢ ᠴᠡᠪᠡᠷᠰᠢᠭᠦᠯᠬᠦ ᠳᠤ ᠬᠤᠯᠪᠣᠭᠳᠠᠵᠤ᠂ ᠤᠯᠤᠰ | ᠲᠥᠷᠥ ᠶᠢᠨ ᠡᠷᠬᠡ ᠶᠢᠨ ᠲᠤᠬᠳᠠᠭᠤᠨ ᠳᠤ ᠬᠤᠯᠪᠣᠭᠳᠠᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠲᠠᠢ ᠬᠤᠯᠪᠤᠭᠳᠠᠨ᠎ᠠ᠃ ︽ᠱᠠᠯᠢᠭ ᠵᠠᠪᠬᠠᠶ ᠶᠢ ᠠᠷᠢᠯᠭᠠᠵᠤ ᠬᠠᠤᠯᠢ | ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠦᠵᠡᠯ | ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠲᠦᠷᠦ ᠶᠢᠨ ᠰᠡᠷᠭᠡᠭ ᠴᠢᠨᠠᠷ ᠢ ᠴᠢᠩᠭᠠᠳᠬᠠᠵᠤ᠂ | ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠨ᠎ᠠ᠃ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ | ᠬᠠᠷᠢᠭᠤᠴᠠᠯᠭ᠎ᠠ ᠪᠠᠨ ᠰᠠᠬᠢᠬᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠡᠭᠦᠷᠭᠡ | ᠬᠠᠷᠢᠭᠤᠴᠠᠯᠭ᠎ᠠ ᠪᠠ ᠲᠤᠰᠢᠶᠠᠯ ᠢᠶᠠᠨ ᠨᠠᠷᠢᠯᠢᠭᠵᠢᠭᠤᠯᠵᠤ᠂ ᠬᠠᠮᠳᠤᠷᠠᠨ ᠬᠠᠮᠵᠢᠯᠴᠠᠵᠤ᠂ ᠱᠠᠯᠢᠭ ᠵᠠᠪᠬᠠᠢ ᠵᠦᠢᠯ ᠢ ᠠᠷᠢᠯᠭᠠᠵᠤ | ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ ᠡᠯ᠎ᠡ ᠵᠦᠢᠯ ᠤᠨ ᠠᠵᠢᠯ ᠢ ᠬᠠᠮᠲᠤᠪᠠᠷ ᠰᠠᠶᠢᠲᠤᠷ ᠬᠢᠵᠦ᠂ ᠮᠠᠨ ᠤ | ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠪᠦᠬᠦ | ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠥᠭᠵᠢᠯᠲᠡ ᠳᠤ ᠠᠮᠤᠷ ᠲᠦᠪᠰᠢᠨ ᠨᠠᠶᠢᠳᠠᠪᠤᠷᠢᠳᠠᠢ ᠰᠣᠶᠣᠯ ᠤᠨ | ᠣᠷᠴᠢᠨ ᠲᠣᠭᠤᠷᠢᠨ ᠢ ᠡᠭᠦᠳᠴᠦ ᠥᠭᠭᠦᠨ᠎ᠡ᠃ | ᠤᠷᠴᠢᠭᠤᠯᠤᠬᠴᠢ᠄ ᠼᠦᠢ ᠶᠢᠩ |