| 5 ᠰᠠᠷ᠎ᠠ ᠶᠢᠨ 11 ᠤ ᠡᠳᠦᠷ᠂ ᠤᠯᠠᠭᠠᠨᠴᠠᠪ ᠬᠤᠲᠠ ᠶᠢᠨ ᠰᠢᠨ᠎ᠡ ᠬᠡᠯᠪᠡᠷᠢ ᠶᠢᠨ ᠲᠢᠳᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠯᠡᠬᠦ ᠡᠮᠴᠢᠯᠡᠭᠡᠨ ᠤ ᠪᠠᠭᠠᠵᠢ ᠬᠡᠷᠡᠭᠰᠡᠯ ᠢ | ᠪᠠᠶᠢᠴᠠᠭᠠᠬᠤ ᠲᠤᠭᠤᠶᠢᠯᠠᠩ ᠤᠨ ᠳᠠᠷᠤᠭ᠎ᠠ ᠶᠠᠨ ᠶᠢᠨ ᠶᠠᠨ ᠨᠠᠷ ᠮᠠᠨ ᠤ ᠬᠤᠲᠠ ᠳᠤ ᠢᠷᠡᠵᠦ ᠡᠮᠴᠢᠯᠡᠭᠡᠨ ᠤ ᠪᠠᠭᠠᠵᠢ | ᠬᠡᠷᠡᠭᠰᠡᠯ ᠤᠨ ᠲᠤᠰᠬᠠᠢ ᠵᠦᠢᠯ ᠤᠨ ᠪᠠᠶᠢᠴᠠᠭᠠᠯᠲᠠ ᠶᠠᠪᠤᠭᠤᠯᠪᠠ᠃ | | ᠮᠠᠨ ᠤ ᠬᠤᠲᠠ ᠶᠢᠨ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ | ᠡᠮᠴᠢᠯᠡᠭᠡᠨ ᠤ ᠪᠠᠭᠠᠵᠢ ᠬᠡᠷᠡᠭᠰᠡᠯ ᠢ ᠡᠵᠡᠩᠨᠡᠨ ᠬᠡᠷᠡᠭᠯᠡᠬᠦ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ | ᠲᠥᠯᠥᠭᠡ᠂ ᠲᠣᠰ ᠤᠳᠠᠭᠠᠨ ᠤ ᠲᠤᠰᠬᠠᠶ ᠪᠠᠶᠢᠴᠠᠭᠠᠯᠲᠠ ᠨᠢ ᠪᠥᠬᠦ ᠬᠤᠲᠠ ᠶᠢᠨ ᠡᠮᠴᠢᠯᠡᠭᠡᠨ ᠤ ᠪᠠᠭᠠᠵᠢ ᠬᠡᠷᠡᠭᠰᠡᠯ ᠢ | ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ᠂ ᠬᠡᠷᠡᠭᠯᠡᠬᠦ ᠨᠢᠭᠡᠴᠡ ᠶᠢᠨ | ᠦᠨᠠᠮᠯᠡᠯ ᠥᠬᠡᠶ ᠪᠠᠷ ᠡᠵᠡᠩᠨᠡᠬᠦ᠂ ᠪᠠᠷᠠᠭ᠎ᠠ ᠣᠷᠣᠭᠤᠯᠬᠤ ᠠᠷᠭ᠎ᠠ ᠵᠠᠮ ᠤᠨ ᠬᠠᠤᠯᠢ ᠶᠣᠰᠣᠴᠢ ᠴᠢᠨᠠᠷ᠂ ᠪᠠᠷᠠᠭ᠎ᠠ ᠬᠠᠩᠭᠠᠬᠤ | ᠲᠠᠯ᠎ᠠ ᠶᠢᠨ ᠬᠢᠷᠢ ᠬᠡᠮ᠂ ᠬᠤᠳᠠᠯᠳᠤᠨ ᠠᠪᠤᠭᠰᠠᠨ ᠪᠠ ᠪᠣᠷᠣᠯᠠᠭᠤᠯᠤᠭᠰᠠᠨ ᠲᠡᠮᠳᠡᠭᠯᠡᠯ᠂ ᠦᠢᠯᠡᠳᠬᠦᠨ ᠤ ᠬᠢᠷᠢ ᠲᠡᠩᠴᠡᠭᠰᠡᠨ | ᠭᠡᠷᠡᠴᠢ᠂ ᠳᠠᠩᠰᠠᠯᠠᠭᠤᠯᠤᠭᠰᠠᠨ ᠦᠨᠡᠮᠯᠡᠯ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠦᠢᠯᠡ | ᠠᠵᠢᠯᠯᠠᠭ᠎ᠠ ᠣᠷᠣᠰᠢᠵᠤ ᠪᠠᠶᠢᠬᠤ ᠡᠰᠡᠬᠦ ᠵᠡᠷᠭᠡ ᠲᠠᠯ᠎ᠠ ᠪᠠᠷ ᠲᠤᠰᠬᠠᠶ ᠪᠠᠶᠢᠴᠠᠭᠠᠯᠲᠠ ᠬᠢᠵᠦ᠂ ᠥᠷᠭᠡᠨ ᠣᠯᠠᠨ ᠠᠷᠠᠳ | ᠣᠯᠠᠨ ᠤ ᠡᠮᠴᠢᠯᠡᠭᠡᠨ ᠤ ᠪᠠᠭᠠᠵᠢ ᠬᠡᠷᠡᠭᠰᠡᠯ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠪᠠ᠃ | | ᠤᠷᠴᠢᠭᠤᠯᠤᠬᠴᠢ᠄ ᠼᠦᠢ ᠶᠢᠩ |