ᠰᠢᠨ᠎ᠡ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠪᠠᠶᠢᠭᠤᠯᠭ᠎ᠠ ᠶᠢᠨ ᠨᠠᠮ ᠤᠨ ᠡᠭᠦᠷ ︽ᠪᠣᠯᠪᠠᠰᠤᠨ ᠬᠤᠳᠠ ᠶᠢ ᠡᠭᠦᠳᠦᠨ ᠪᠠᠶᠢᠭᠤᠯᠵᠤ᠂ ᠨᠠᠮ ᠤᠨ ᠭᠡᠰᠢᠭᠦᠨ ᠤᠷᠢᠳᠠᠪᠠᠷ ᠲᠦᠷᠦᠬᠦᠯᠡᠬᠦ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-05-18
    ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠰᠠᠶᠢᠵᠢᠷᠠᠭᠤᠯᠵᠤ᠂ ᠬᠤᠲᠠ ᠶᠢᠨ ᠳᠦᠷᠰᠦ ᠪᠠᠶᠢᠳᠠᠯ ᠢ ᠭᠤᠸᠠᠵᠢᠭᠤᠯᠤᠨ᠂ ᠬᠤᠲᠠ ᠶᠢᠨ ᠴᠢᠨᠠᠷ ᠳᠡᠰ ᠢ ᠳᠡᠭᠡᠭᠰᠢᠯᠡᠭᠦᠯᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠤᠯ ᠢ ᠬᠦᠢᠴᠡᠳ ᠪᠠᠳᠠᠷᠠᠭᠤᠯᠵᠤ᠂ ᠡᠭᠦᠳᠦᠨ ᠪᠠᠶᠢᠭᠤᠯᠬᠤ ᠶᠠᠪᠤᠴᠠ ᠳᠠᠬᠢ ᠨᠠᠮ ᠤᠨ ᠭᠡᠰᠢᠭᠦᠨ ᠤ ᠭᠤᠤᠯ ᠬᠦᠴᠦᠨ ᠤ ᠦᠢᠯᠡᠳᠦᠯ ᠢ ᠪᠠᠰᠠ ᠪᠠᠳᠠᠷᠠᠭᠤᠯᠤᠨ᠎ᠠ᠃ 5 ᠰᠠᠷ᠎ᠠ ᠶᠢᠨ 8 ᠤ ᠡᠳᠦᠷ᠂ ᠰᠢᠨ᠎ᠡ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠪᠠᠶᠢᠭᠤᠯᠭ᠎ᠠ ᠶᠢᠨ ᠨᠠᠮ ᠤᠨ ᠡᠭᠦᠷ ︽ᠪᠣᠯᠪᠠᠰᠤᠨ ᠢᠶᠠᠷ ᠬᠤᠲᠠ ᠶᠢ ᠴᠣᠭᠴᠠᠯᠠᠵᠤ᠂ ᠨᠠᠮ ᠤᠨ ᠭᠡᠰᠢᠭᠦᠨ ᠤᠷᠢᠳᠠᠪᠠᠷ ᠲᠦᠷᠦᠬᠦᠯᠡᠬᠦ︾ ᠭᠤᠤᠯ ᠰᠡᠳᠦᠪᠲᠦ ᠨᠠᠮ ‍ᠤᠨ‌ᠡᠳᠦᠷ ᠤᠨ ᠠᠵᠢᠯᠯᠠᠭ᠎ᠠ ᠶᠢ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠢ ᠪᠣᠳᠠᠲᠤ ᠠᠵᠢᠯᠯᠠᠭ᠎ᠠ ᠪᠠᠷ ᠢᠶᠠᠨ ᠬᠤᠲᠠ ᠪᠠᠶᠢᠭᠤᠯᠬᠤ ᠳᠤ ᠬᠦᠴᠦᠨ ᠨᠡᠮᠡᠷᠢᠯᠡᠬᠦ ᠪᠠᠷ ᠲᠣᠭᠲᠠᠪᠠ᠃    ᠬᠤᠷᠠᠯ ᠳᠤ ᠰᠢᠨ᠎ᠡ ᠬᠤᠲᠠ ᠲᠣᠭᠤᠷᠢᠭ ᠤᠨ ᠪᠥᠬᠦ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷ ᠵᠢᠴᠢ ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ ᠴᠠᠭᠳᠠᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠣᠷᠣᠯᠴᠠᠵᠠᠶ᠃    ᠲᠣᠰ ᠤᠳᠠᠭᠠᠨ ᠤ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠰᠢᠨ᠎ᠡ ᠬᠤᠲᠠ ᠲᠣᠭᠤᠷᠢᠭ ᠤᠨ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠭᠦᠸᠧ ᠱᠤᠸᠠᠩ ᠴᠢᠤᠸᠠᠨ ᠡᠷᠭᠢᠯᠡᠪᠡ᠃ ᠤᠯᠤᠰ ᠤᠨ ᠰᠦᠯᠳᠡ ᠳᠠᠭᠤᠤ ᠶᠢᠨ ᠳᠠᠷᠠᠭ᠎ᠠ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯ ᠤᠨ ᠵᠥᠪᠯᠡᠯ ᠤᠨ ᠳᠡᠳ᠋ ᠱᠦᠵᠢ ᠰᠢᠶᠣᠣ ᠰᠦ ᠶᠦᠨ ᠣᠯᠠᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ ᠲᠠᠩᠭᠠᠷᠢᠭᠯᠠᠪᠠ᠃     ᠬᠤᠷᠠᠯ ᠳᠡᠭᠡᠷ᠎ᠡ᠂ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠢᠶᠠ ᠵᠦᠩ ᠹᠸᠢ ᠤᠯᠠᠨ ᠢ ᠳᠠᠭᠠᠭᠤᠯᠤᠨ ᠤᠯᠠᠨ ᠲᠦᠮᠡᠨᠴᠢ ᠴᠢᠨᠠᠷᠲᠠᠢ ᠪᠣᠯᠪᠠᠰᠤᠨ ᠥᠪᠥᠷ ᠮᠣᠩᠭᠤᠯ ᠤᠨ ᠪᠠᠶᠢᠭᠤᠯᠤᠯᠲᠠ ᠶᠢ ᠬᠦᠨᠵᠡᠬᠡᠢ ᠠᠬᠢᠭᠤᠯᠬᠤ ᠠᠵᠢᠯᠯᠠᠭ᠎ᠠ ᠶᠢᠨ ᠲᠥᠰᠦᠯ ᠢ ᠰᠤᠷᠤᠯᠴᠠᠪᠠ᠃ ᠬᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ  ᠬᠤᠷᠢᠶ᠎ᠠ ᠶᠢᠨ ᠳᠡᠳ᠋ ᠱᠦᠵᠢ ᠰᠢᠶᠤᠤ ᠰᠦ ᠶᠦᠨ ᠰᠠᠨᠠᠭᠠᠴᠢᠯᠠᠭ᠎ᠠ ᠶᠢᠨ ᠪᠢᠴᠢᠭ ᠢ ᠳᠠᠭᠠᠭᠤᠯᠤᠨ ᠤᠩᠰᠢᠪᠠ᠃ ᠪᠦᠬᠦ ᠨᠠᠮ ᠤᠨ ᠭᠡᠰᠢᠭᠦᠨ ᠺᠠᠳ᠋ᠷ ᠹᠧᠩᠵᠧᠨ ᠬᠤᠳᠠ ᠶᠢᠨ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ᠂ ᠬᠤᠳᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠢ ᠴᠡᠭᠴᠡᠯᠡᠨ ᠵᠠᠰᠠᠬᠤ ᠰᠠᠨᠠᠭᠠᠴᠢᠯᠠᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃ ᠪᠥᠬᠦ ᠺᠠᠳ᠋ᠷᠴᠤᠳ ︽ᠪᠣᠯᠪᠠᠰᠤᠨ ᠢᠶᠠᠷ ᠬᠤᠲᠠ ᠶᠢ ᠡᠭᠦᠳᠦᠨ ᠪᠠᠶᠢᠭᠤᠯᠬᠤ᠂ ᠨᠠᠮ ᠤᠨ ᠭᠡᠰᠢᠭᠦᠨ‌ᠤᠷᠢᠳᠠᠪᠠᠷ ᠲᠦᠷᠦᠬᠦᠯᠡᠬᠦ︾ ᠠᠵᠢᠯᠯᠠᠭ᠎ᠠ ᠪᠠ ᠮᠣᠳᠣ ᠳᠠᠷᠢᠬᠤ᠂ ᠵᠢᠵᠢᠭ ᠵᠠᠷ ᠮᠡᠳᠡᠭᠡ ᠶᠢ ᠠᠷᠢᠯᠭᠠᠬᠤ ᠵᠡᠷᠭᠡ ᠣᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠪᠡᠷᠯᠡᠬᠦ ᠠᠵᠢᠯ ᠳᠤ ᠢᠳᠡᠪᠬᠢᠲᠡᠶ ᠣᠷᠣᠯᠴᠠᠪᠠ᠃     ᠬᠤᠷᠠᠯ ᠤᠨ ᠳᠠᠷᠠᠭ᠎ᠠ᠂ ᠡᠭᠦᠷ ᠤᠨ ᠱᠦᠵᠢ ᠵᠢᠢ ᠮᠢᠶᠣᠣ ᠹᠠᠩ ᠲᠤᠰ ᠲᠤᠰ ᠨᠠᠮ ᠤᠨ ᠭᠡᠰᠢᠭᠦᠨ ᠲᠠᠢ ᠰᠡᠳᠬᠢᠯ ᠤᠨ ᠦᠭᠡ ᠪᠠᠨ ᠶᠠᠷᠢᠯᠴᠠᠭᠰᠠᠨ ᠤ ᠬᠠᠮᠳᠤ ᠨᠠᠮ ᠤᠨ ᠭᠡᠰᠢᠭᠦᠨ ᠤ ᠥᠪᠡᠷ ᠢ ᠪᠠᠨ ᠦᠨᠡᠯᠡᠬᠦ ᠪᠠ ᠬᠠᠷᠢᠯᠴᠠᠨ ᠦᠨᠡᠯᠡᠬᠦ ᠠᠵᠢᠯ ᠵᠢᠴᠢ ᠨᠠᠮ ᠤᠨ ᠭᠡᠰᠢᠭᠦᠨ ᠤ ᠨᠠᠮ ᠤᠨ ᠰᠦᠢᠳᠬᠡᠯ ᠲᠤᠰᠢᠶᠠᠬᠤ ᠵᠡᠷᠭᠡ ᠶᠠᠪᠤᠳᠠᠯ ᠢ ᠥᠷᠨᠢᠭᠦᠯᠪᠡ᠃                             ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3