| ᠨᠢᠭᠡ ᠳᠤ᠂ ᠴᠠᠭ ᠲᠤᠬᠠᠶ ᠳᠤᠨᠢ ᠪᠠᠶᠢᠷᠢᠯᠠᠭᠤᠯᠵᠤ᠂ ᠠᠷᠭ᠎ᠠ ᠬᠡᠮᠵᠢᠶ᠎ᠡ ᠪᠦᠳᠤᠮᠵᠢᠳᠡᠢ᠃ ᠡᠨᠡ ᠤᠳᠠᠭᠠᠨ ᠤ | ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠠᠰᠠᠯᠲᠠ ᠨᠢ ᠶᠡᠷᠦᠩᠬᠡᠶ ᠪᠠᠶᠢᠷᠠᠯᠠᠭᠤᠯᠣᠯᠳᠠ ᠪᠠ ᠱᠠᠭᠠᠷᠳᠠᠯᠭ᠎ᠠ | ᠶᠣᠰᠣᠭᠠᠷ᠂ ᠡᠯ᠎ᠡ ᠰᠢᠶᠠᠩ ᠪᠠᠯᠭᠠᠰᠤ᠂ ᠬᠡᠷᠡᠭ ᠡᠷᠬᠢᠯᠡᠬᠦ ᠭᠠᠵᠠᠷ ᠵᠢᠴᠢ ᠡᠯ᠎ᠡ ᠳᠠᠭᠠᠭᠠᠴᠢᠯᠠᠨ ᠬᠤᠯᠪᠣᠭᠠᠯᠠᠬᠤ ᠨᠢᠭᠡᠴᠡ | ᠨᠠᠷᠢᠨ ᠨᠢᠭᠲᠠ ᠠᠵᠢᠯ ᠤᠨ ᠲᠥᠯᠥᠪᠯᠡᠭᠡ ᠲᠣᠭᠲᠠᠭᠠᠵᠤ᠂ ᠬᠠᠷᠢᠭᠤᠴᠠᠯᠭ᠎ᠠ ᠶᠢᠨ ᠨᠠᠷᠢᠨ ᠳᠠᠩᠰᠠ ᠭᠠᠷᠭᠠᠵᠤ᠂ ᠬᠥᠮᠦᠨ | ᠲᠣᠭᠲᠠᠭᠠᠨ ᠬᠠᠷᠢᠭᠤᠴᠠᠯᠭ᠎ᠠ ᠲᠣᠭᠲᠠᠭᠠᠵᠤ᠂ ᠤᠳᠤᠷᠢᠳᠤᠯᠭ᠎ᠠ ᠪᠠᠨ ᠲᠣᠳᠣᠷᠬᠠᠶᠢᠯᠠᠨ᠂ ᠨᠢᠭᠡᠨᠲᠡ ᠠᠵᠢᠯᠳᠠᠳ ᠢ | ᠵᠣᠬᠢᠶᠠᠨ ᠪᠠᠶᠢᠭᠤᠯᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠦᠢᠷᠨᠢᠬᠦᠯᠪᠡ᠃ | ᠬᠤᠶᠠᠷ ᠲᠤ᠂ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠢ ᠲᠠᠶᠢᠴᠢᠯᠠᠪᠠ᠃ ᠡᠯ᠎ᠡ ᠰᠢᠶᠠᠩ ᠪᠠᠯᠭᠠᠰᠤ᠂ | ᠬᠡᠷᠡᠭ ᠡᠷᠬᠢᠯᠡᠬᠦ ᠭᠠᠵᠠᠷ ᠵᠢᠴᠢ ᠳᠠᠭᠠᠭᠠᠴᠢᠯᠠᠨ ᠬᠤᠯᠪᠣᠭᠠᠯᠠᠬᠤ ᠨᠢᠭᠡᠴᠡ ᠤᠬᠠᠭᠤᠯᠬᠤ ᠰᠠᠮᠪᠠᠷ᠎ᠠ᠂ ᠤᠬᠠᠭᠤᠯᠭ᠎ᠠ ᠶᠢᠨ | ᠤᠷᠢᠶ᠎ᠠ ᠯᠣᠽᠦ᠋ᠩ᠂ ᠤᠬᠠᠭᠤᠯᠭ᠎ᠠ ᠶᠢᠨ ᠬᠠᠭᠤᠳᠠᠰᠤ ᠵᠡᠷᠭᠡ ᠠᠷᠭ᠎ᠠ ᠪᠠᠷᠢᠯ ᠢ ᠬᠦᠢᠴᠡᠳᠠᠰᠢᠭᠯᠠᠵᠤ᠂ ᠣᠯᠠᠨ ᠳᠡᠰ | ᠳᠠᠪᠬᠤᠷᠭ᠎ᠠ᠂ ᠣᠯᠠᠨ ᠬᠡᠯᠪᠡᠷᠢ ᠪᠠᠷ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢᠨ ᠴᠢᠬᠤᠯᠠ ᠠᠴᠢ ᠬᠤᠯᠪᠣᠭᠳᠠᠯ ᠢ | ᠤᠬᠠᠭᠤᠯᠵᠤ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠪᠣᠯᠤᠨ ᠥᠷᠭᠡᠨ ᠣᠯᠠᠨ ᠬᠤᠲᠠ ᠶᠢᠨ ᠠᠷᠠᠳ ᠤᠨ ᠳᠤᠮᠳᠠ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠥᠷᠭᠡᠨ ᠣᠯᠠᠨ | ᠲᠦᠮᠡᠨ ᠤ ᠣᠷᠣᠯᠴᠠᠬᠤ ᠢᠳᠡᠪᠬᠢᠵᠢᠯ ᠢ ᠳᠠᠶᠢᠴᠢᠯᠠᠭᠰᠠᠨ ᠪᠠᠶᠢᠨ᠎ᠠ᠃ | ᠭᠤᠷᠪᠠ ᠳᠤ᠂ ᠰᠠᠯᠠᠭ᠎ᠠ ᠮᠥᠴᠢᠷ ᠬᠠᠮᠵᠢᠯᠴᠠᠨ᠂ ᠬᠠᠮᠲᠤᠷᠠᠨ ᠬᠠᠤᠯᠢ ᠬᠡᠷᠡᠭᠵᠢᠭᠦᠯᠪᠡ᠃ ᠬᠤᠲᠠ ᠶᠢᠨ ᠣᠷᠣᠵᠤ | ᠭᠠᠷᠬᠤ ᠭᠠᠵᠠᠷ ᠪᠠ ᠬᠤᠲᠠ ᠬᠥᠳᠡᠭᠡ ᠶᠢᠨ ᠠᠭᠤᠯᠵᠠᠷ ᠬᠡᠰᠡᠭ ᠲᠤ ᠣᠷᠣᠰᠢᠵᠤ ᠪᠠᠶᠢᠭ᠎ᠠ ᠠᠷᠢᠭᠤᠨ ᠴᠡᠪᠡᠷ ᠤᠨ | ᠲᠠᠯ᠎ᠠ ᠪᠠᠷ ︽ᠬᠠᠭᠤᠴᠢᠨ ᠬᠦᠴᠢᠷ ᠠᠰᠠᠭᠤᠳᠠᠯ︾ ᠢ ᠢᠯᠭᠠᠷᠠᠭᠤᠯᠬᠤ ᠠᠰᠠᠭᠤᠳᠠᠯ ᠳᠤ ᠴᠢᠭᠯᠡᠭᠦᠯᠦᠨ᠂ ᠣᠯᠠᠨ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠵᠤ᠂ 208 ᠤᠯᠤᠰ ᠤᠨ ᠵᠠᠮ ᠤᠨ ᠡᠤ ᠲᠠᠢ ᠸᠠ | ᠬᠡᠰᠡᠭ᠂ 512 ᠤᠯᠤᠰ ᠤᠨ ᠵᠠᠮ ᠤᠨ ᠰᠢᠨ ᠴᠧᠩ ᠸᠠᠨ ᠤ ᠬᠡᠰᠡᠭ᠂ ᠹᠧᠩᠵᠧᠨ- ᠰᠢᠩ ᠾᠧ ᠵᠠᠰᠠᠮᠠᠯ ᠵᠠᠮ ᠤᠨ | ᠵᠠᠮ ᠳᠡᠪᠢᠰᠦᠭᠰᠡᠨ ᠬᠡᠰᠡᠭ ᠤᠨ ᠬᠤᠶᠠᠷ ᠬᠠᠵᠠᠭᠤ ᠶᠢᠨ ᠮᠠᠰᠢᠨ ᠲᠡᠷᠭᠡ ᠤᠬᠢᠶᠠᠬᠤ ᠲᠠᠯᠠᠪᠤᠷ᠂ ᠴᠢᠯᠠᠭᠤᠨ | ᠮᠠᠲ᠋ᠧᠷᠢᠶᠠᠯ ᠤᠨ ᠦᠢᠯᠡᠳᠪᠦᠷᠢ᠂ ᠬᠠᠭᠤᠴᠢᠨ ᠵᠢᠯ ᠤᠨ ᠬᠤᠭ ᠨᠣᠪᠰᠢ ᠪᠠ ᠲᠦᠷᠢᠮ ᠵᠥᠷᠢᠴᠡᠭᠰᠡᠨ ᠪᠠᠷᠢᠯᠭ᠎ᠠ ᠶᠢ | ᠨᠤᠷᠠᠭᠠᠨ ᠴᠡᠪᠡᠷᠯᠡᠪᠡ᠃ | ᠤᠷᠴᠢᠭᠤᠯᠤᠬᠴᠢ᠄ ᠼᠦᠢ ᠶᠢᠩ |