ᠹᠧᠩᠵᠧᠨ ᠬᠤᠲᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠢ ᠴᠢᠩᠭᠠᠳᠬᠠᠵᠤ ᠲᠠᠷᠢᠶᠠᠯᠠᠩ ᠤᠨ ᠪᠣᠬᠢᠷᠲᠤᠯ ᠥᠬᠡᠶ ᠦᠢᠯᠡᠳᠪᠦᠷᠢᠯᠡᠯ ᠢ ᠠᠬᠢᠭᠤᠯᠪᠠ
ᠨᠡᠶᠢᠲᠡᠯᠡᠭᠰᠡᠨ ᠴᠠᠭ᠄
2020-05-20
    ᠹᠧᠩᠵᠧᠨ ᠬᠤᠲᠠ ᠲᠠᠷᠢᠶᠠᠯᠠᠩ ᠤᠨ ᠪᠦᠲᠦᠭᠡᠭᠳᠡᠬᠦᠨ ᠲᠠᠷᠢᠵᠤ ᠲᠡᠵᠢᠭᠡᠨ ᠦᠷᠡᠵᠢᠭᠦᠯᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠥᠷᠨᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠷᠣᠭᠤᠯᠤᠯᠲᠠ ᠶᠢᠨ ᠡᠳ᠋ ᠤᠨ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠳᠦᠷᠢᠮ ᠪᠣᠯᠤᠨ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠢᠳᠡᠭᠡᠨ ᠳᠤ ᠬᠡᠷᠡᠭᠯᠡᠬᠦ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢᠨ ᠭᠠᠵᠠᠷ ᠠᠴᠠ ᠵᠥᠪᠰᠢᠶᠡᠷᠡᠨ ᠭᠠᠷᠭᠠᠬᠤ ᠳᠦᠷᠢᠮ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠳᠦᠷᠢᠮ ᠢ ᠪᠠᠶᠢᠭᠤᠯᠬᠤ ᠬᠡᠷᠡᠭᠲᠡᠶ᠃ ᠲᠠᠷᠢᠶᠠᠯᠠᠩ ᠤᠨ ᠣᠷᠣᠭᠤᠯᠤᠯᠲᠠ ᠶᠢᠨ ᠡᠳ᠋ ᠪᠣᠯᠤᠨ ᠭᠡᠷ ᠤᠨ ᠲᠡᠵᠢᠭᠡᠪᠦᠷᠢ ᠶᠢᠨ ᠲᠡᠵᠢᠭᠡᠯ ᠪᠣᠷᠳᠣᠭᠠᠨ ᠤ ᠨᠡᠮᠡᠯᠲᠡ ᠡᠳ᠋ ᠢ ᠪᠠᠶᠢᠴᠠᠭᠠᠨ ᠬᠡᠮᠵᠢᠵᠦ ᠬᠢᠨᠠᠨ ᠬᠠᠮᠢᠶᠠᠷᠬᠤ ᠶᠢ ᠴᠢᠩᠭᠠᠳᠬᠠᠵᠤ᠂ ᠲᠡᠷᠡᠴᠢᠯᠡᠨ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠲᠥᠷᠥᠯ ᠵᠦᠢᠯ ᠳᠤ ᠲᠦᠰᠢᠭᠯᠡᠨ ᠡᠯ᠎ᠡ ᠰᠢᠶᠠᠩ ᠪᠠᠯᠭᠠᠰᠤᠨ ᠳᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠥᠷᠲᠡᠭᠡ᠂ ᠲᠠᠷᠢᠶᠠᠯᠠᠩ ᠤᠨ ᠮᠠᠰᠢᠨ ᠢ ᠳᠡᠯᠭᠡᠷᠡᠭᠦᠯᠬᠦ ᠥᠷᠲᠡᠭᠡ ᠶᠢ ᠪᠠᠶᠢᠭᠤᠯᠤᠭᠰᠠᠨ ᠪᠥᠭᠡᠳ ᠡᠯ᠎ᠡ ᠵᠠᠰᠠᠭ ᠵᠠᠬᠢᠷᠭᠠᠨ ᠤ ᠲᠣᠰᠬᠤᠨ ᠳᠤ ᠬᠢᠨᠠᠨ ᠬᠠᠮᠢᠶᠠᠷᠤᠭᠴᠢ ᠪᠠᠶᠢᠭᠤᠯᠪᠠ᠃ ᠬᠤᠲᠠ᠂ ᠰᠢᠶᠠᠩ᠂ ᠲᠣᠰᠬᠤᠨ ᠭᠤᠷᠪᠠᠨ ᠱᠠᠲᠤᠨ ᠤ ᠬᠢᠨᠠᠯᠲᠠ ᠬᠠᠮᠢᠶᠠᠷᠤᠯᠲᠠ ᠶᠢᠨ ᠲᠣᠤᠷ ᠰᠦᠯᠵᠢᠶᠡᠨ ᠤ ᠰᠢᠰᠲ᠋ᠧᠮ ᠢ ᠪᠦᠷᠢᠯᠳᠤᠭᠦᠯᠪᠡ᠃ ᠵᠢᠤᠢ ᠪᠦᠦ ᠵᠤᠸᠠᠩ ᠪᠠᠯᠭᠠᠰᠤ ᠂ ᠭᠤᠸᠠᠨ ᠲᠦᠢᠨ ᠪᠦᠦ ᠰᠢᠶᠠᠩ ᠤᠨ ᠬᠤᠶᠠᠷ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠵᠢᠱᠢᠶ᠎ᠡ ᠦᠵᠡᠭᠦᠯᠬᠦ ᠥᠷᠲᠡᠭᠡ ᠪᠠᠶᠢᠭᠤᠯᠵᠤ᠂ ᠲᠤᠰᠬᠠᠶ ᠲᠤᠰᠢᠶᠠᠯᠲᠤ ᠠᠵᠢᠯᠲᠠᠨ ᠪᠣᠯᠤᠨ ᠵᠠᠭᠪᠤᠷ ᠤᠨ ᠬᠦᠢᠲᠡᠨ ᠢᠶᠠᠷ ᠬᠠᠳᠠᠭᠠᠯᠠᠬᠤ ᠠᠪᠳᠠᠷ᠎ᠠ᠂ ᠲᠠᠷᠢᠶᠠᠯᠠᠩ ᠤᠨ ᠠᠰᠠᠭᠤᠳᠠᠯ ᠢ ᠲᠦᠷᠭᠡᠨ ᠬᠡᠮᠵᠢᠬᠦ ᠪᠠᠭᠠᠵᠢ᠂ ᠦᠯᠢᠭᠡᠷ ᠠᠪᠬᠤ ᠲᠡᠷᠭᠡ ᠵᠡᠷᠭᠡ ᠪᠡᠯᠡᠳᠬᠡᠮᠵᠢ ᠲᠥᠬᠦᠭᠡᠷᠦᠮᠵᠢ ᠲᠤᠬᠢᠷᠠᠭᠤᠯᠪᠠ᠃                                          ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3