| 5 ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠳᠠ ᠶᠢᠨ ᠲᠣᠪᠴᠢᠶ᠎ᠠ ᠪᠣᠯᠤᠨ ᠳᠤᠮᠳᠠᠳᠤ ᠤᠯᠤᠰ ᠤᠨ ᠪᠠᠩᠬᠢ ᠶᠢᠨ ᠹᠧᠩᠵᠧᠨ ᠪᠠᠩᠬᠢ ᠶᠢᠨ ᠰᠠᠯᠪᠤᠷᠢ ᠪᠠᠩᠭᠢ ᠶᠢᠨ | ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠳᠤᠮᠳᠠᠳᠤ | ᠤᠯᠤᠰ ᠤᠨ ᠪᠠᠩᠬᠢ ᠶᠢᠨ ᠹᠧᠩᠵᠧᠨ ᠬᠤᠳᠠ ᠶᠢᠨ ᠰᠠᠯᠪᠤᠷᠢ ᠪᠠᠩᠬᠢ ᠳᠤ ᠶᠠᠪᠤᠭᠳᠠᠪᠠ᠃ ᠤᠯᠠᠭᠠᠨᠴᠠᠪ ᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠳ᠋ᠦᠩ ᠵᠢᠶᠠᠨ ᠫᠢᠩ᠂ ᠹᠧᠩᠵᠧᠨ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠢᠦᠶ ᡁᠢ ᠵᠥᠩ᠂ ᠳᠤᠮᠳᠠᠳᠤ | ᠤᠯᠤᠰ ᠤᠨ ᠪᠠᠩᠬᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠪᠠᠩᠬᠢ ᠶᠢᠨ ᠳᠡᠳ᠋ ᠳᠠᠷᠤᠭ᠎ᠠ ᠵᠠᠩ ᠰᠢᠶᠦ᠋ᠩ ᠶᠢᠩ᠂ | ᠹᠧᠩᠵᠧᠨ ᠬᠤᠲᠠ ᠶᠢᠨ ᠰᠠᠯᠪᠤᠷᠢ ᠪᠠᠩᠬᠢ ᠶᠢᠨ ᠳᠠᠷᠤᠭ᠎ᠠ ᠵᠠᠩ ᠬᠠᠶ ᠶᠤᠸᠠᠨ ᠨᠠᠷ ᠠᠵᠢᠯᠯᠠᠭ᠎ᠠ ᠳᠤ ᠣᠷᠣᠯᠴᠠᠭᠰᠠᠨ ᠪᠥᠭᠡᠳ | ᠡᠬᠢᠯᠡᠯᠲᠡ ᠶᠢᠨ ᠶᠣᠰᠣᠯᠠᠯ ᠤᠨ ᠳᠣᠤᠵᠠ ᠬᠠᠶᠢᠴᠢᠯᠠᠪᠠ᠃ | | ᠢᠦᠶ ᡁᠢ ᠵᠥᠩ ᠲᠣᠪᠴᠢᠶᠠᠨ ᠳᠠᠷᠤᠭ᠎ᠠ ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ ᠢᠯᠡᠷᠬᠡᠶᠢᠯᠡᠭᠰᠡᠨ ᠨᠢ᠂ | ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠᠶᠢᠭᠤᠯᠤᠭᠳᠠᠭᠰᠠᠨ ᠠᠴᠠ ᠨᠠᠰᠢ | ᠶᠡᠷᠦᠩᠬᠡᠶ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ | ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠵᠦ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠪᠠᠨ | ᠢᠳᠡᠪᠬᠢᠲᠡᠢ ᠪᠠᠳᠠᠷᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠡᠯ᠎ᠡ ᠵᠠᠬ᠎ᠠ ᠳᠡᠯᠭᠡᠭᠦᠷ ᠤᠨ ᠭᠤᠤᠯ ᠴᠣᠭᠴᠠ ᠳᠤ | ᠰᠢᠨ᠎ᠡ ᠶᠢ ᠡᠭᠦᠳᠦᠨ ᠦᠢᠯᠡᠴᠢᠯᠡᠬᠦ ᠠᠮᠢᠵᠢᠷᠠᠯ ᠤᠨ ᠬᠦᠴᠦᠨ᠂ ᠦᠷ᠎ᠡ ᠠᠰᠢᠭ ᠭᠠᠷᠭᠠᠨ᠎ᠠ᠃ ᠡᠨᠡ ᠤᠳᠠᠭ᠎ᠠ | ᠠᠮᠵᠢᠯᠲᠠ ᠲᠠᠢ ᠪᠠᠷ ᠭᠡᠷ᠎ᠡ ᠲᠣᠭᠲᠠᠵᠤ᠂ ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠳᠤᠮᠳᠠᠳᠤ ᠤᠯᠤᠰ ᠤᠨ ᠪᠠᠩᠬᠢ ᠶᠢᠨ ᠹᠧᠩᠵᠧᠨ ᠤ ᠰᠠᠯᠪᠤᠷᠢ ᠪᠠᠩᠬᠢ ᠲᠠᠢ ᠨᠢᠭᠲᠠ ᠬᠠᠮᠵᠢᠯᠴᠠᠨ᠂ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠪᠣᠯᠤᠨ ᠵᠠᠰᠠᠭ ᠤᠨ ᠶᠠᠪᠤᠳᠠᠯ ᠤᠨ | ᠮᠥᠩᠭᠦᠨ ᠬᠦᠢᠯᠭᠡᠭᠡᠨ ᠤ ᠦᠢᠯᠡᠴᠢᠯᠡᠭᠡ ᠵᠡᠷᠭᠡ ᠲᠠᠯ᠎ᠠ ᠪᠠᠷ ᠬᠠᠮᠵᠢᠯᠴᠠᠭ᠎ᠠ ᠦᠷᠨᠢᠬᠦᠯᠵᠦ᠂ ᠪᠥᠬᠦ ᠬᠤᠲᠠ ᠶᠢᠨ ᠳᠤᠮᠳᠠ | ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢ ᠬᠥᠭᠵᠢᠭᠦᠯᠬᠦ ᠳᠤ ︽ᠴᠢᠰᠤ ᠶᠡᠬᠦᠯᠡᠵᠦ︾᠂ ᠳᠣᠲᠣᠭᠠᠳᠤ | ᠬᠥᠳᠡᠯᠭᠡᠬᠦ ᠬᠦᠴᠦᠨ ᠢ ᠬᠥᠭᠵᠢᠭᠡᠬᠦ ᠵᠡᠷᠭᠡ ᠲᠠᠯ᠎ᠠ ᠪᠠᠷ ᠨᠠᠩ ᠣᠯᠠᠨ ᠨᠠᠩ ᠴᠢᠨᠠᠷ ᠰᠠᠶᠢᠲᠠᠶ ᠦᠢᠯᠡᠴᠢᠯᠡᠭᠡ ᠬᠠᠩᠭᠠᠨ᠎ᠠ᠃ | | ᠳᠤᠮᠳᠠᠳᠤ ᠤᠯᠤᠰ ᠤᠨ ᠪᠠᠩᠬᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠪᠠᠩᠬᠢ ᠶᠢᠨ ᠳᠡᠳ᠋ ᠳᠠᠷᠤᠭ᠎ᠠ ᠵᠠᠩ | ᠰᠢᠶᠦ᠋ᠩ ᠶᠢᠩ ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ | ᠰᠡᠳᠬᠢᠴᠡ ᠠᠷᠭ᠎ᠠ ᠬᠡᠮᠵᠢᠶ᠎ᠡ ᠵᠢᠴᠢ ᠣᠯᠤᠭᠰᠠᠨ ᠠᠮᠵᠢᠯᠲᠠ ᠪᠦᠲᠦᠮᠵᠢ ᠶᠢ ᠳᠡᠭᠡᠳᠦ ᠬᠡᠮᠵᠢᠶ᠎ᠡ ᠪᠠᠷ ᠨᠤᠲᠠᠯᠠᠵᠤ ᠮᠠᠭᠲᠠᠨ | ᠰᠠᠶᠢᠰᠢᠶᠠᠪᠠ᠃ ᠲᠡᠷᠡ᠂ ᠡᠨᠡ ᠤᠳᠠᠭᠠᠨ ᠤ ᠭᠡᠷ᠎ᠡ ᠲᠣᠭᠲᠠᠭᠰᠠᠨ ᠬᠠᠮᠵᠢᠯᠴᠠᠭ᠎ᠠ ᠪᠣᠯ ᠬᠤᠶᠠᠷ ᠲᠠᠯ᠎ᠠ ᠪᠠᠷ ᠢᠶᠠᠨ ᠲᠥᠷᠥ ᠶᠢᠨ | ᠶᠠᠪᠤᠳᠠᠯ ᠤᠨ ᠬᠤᠷᠢᠶᠠᠨ ᠤ ᠮᠥᠩᠭᠦᠨ ᠬᠦᠢᠯᠭᠡᠭᠡᠨ ᠢᠶᠠᠷ ᠪᠣᠳᠠᠲᠤ ᠴᠣᠭᠴᠠᠲᠤ ᠠᠵᠤ ᠠᠬᠤᠶ ᠶᠢ ᠳᠡᠮᠵᠢᠬᠦ ᠠᠷᠠᠳ ᠤᠨ | ᠡᠵᠡᠩᠨᠡᠯᠳᠡ ᠶᠢ ᠳᠡᠮᠵᠢᠬᠦ ᠴᠢᠬᠤᠯᠠ ᠠᠷᠭ᠎ᠠ ᠪᠠᠷᠢᠯ ᠪᠠᠶᠢᠵᠦ᠂ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠵᠦ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠮᠥᠩᠭᠦᠨ ᠬᠦᠢᠯᠭᠡᠭᠡᠨ ᠤ ᠬᠠᠮ ᠦᠢᠯᠡᠴᠢᠯᠡᠭᠡ | ᠬᠠᠩᠭᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠶᠡᠭᠡ ᠪᠠᠷ ᠠᠬᠢᠭᠤᠯᠤᠨ᠎ᠠ ᠬᠡᠵᠦ ᠢᠯᠡᠷᠭᠡᠶᠢᠯᠡᠪᠡ | ᠃ | | ᠢᠦᠶ ᡁᠢ ᠵᠦᠩ ᠲᠣᠪᠴᠢᠶᠠᠨ ᠳᠠᠷᠤᠭ᠎ᠠ ᠪᠠ ᠵᠠᠩ ᠬᠠᠢ ᠶᠤᠸᠠᠨ ᠪᠠᠩᠬᠢ ᠶᠢᠨ ᠳᠠᠷᠤᠭ᠎ᠠ ᠲᠤᠬᠠᠶ ᠶᠢᠨ ᠲᠠᠯᠠᠪᠠᠢ ᠳᠤ | ᠹᠧᠩᠵᠧᠨ ᠬᠤᠲᠠ ᠶᠢᠨ ᠬᠤᠩ ᠮᠢᠨ ᠯᠢᠶᠠᠩ ᠴᠢᠳᠬᠤᠯᠠᠨ ᠦᠢᠯᠡᠳᠬᠦ ᠬᠢᠵᠠᠭᠠᠷᠲᠤ ᠺᠣᠮᠫᠠᠨᠢ ᠳᠤ ᠠᠩᠬᠠᠳᠠᠭᠴᠢ ᠳᠤᠮᠳᠠᠳᠤ | ᠤᠯᠤᠰ ᠤᠨ ᠪᠠᠩᠬᠢ ᠶᠢᠨ ᠹᠧᠩᠵᠧᠨ ᠤ ᠰᠠᠯᠪᠤᠷᠢ ᠪᠠᠩᠬᠢ ᠶᠢᠨ ᠪᠠᠩᠬᠢ ᠶᠢᠨ ᠬᠥᠲᠥᠯᠥᠨ ᠵᠢᠯᠣᠭᠤᠳᠬᠤ ᠠᠯᠪᠠᠨ ᠭᠡᠷ ᠤᠨ | ᠰᠦᠯᠵᠢᠶᠡᠨ ᠴᠡᠭ ᠤᠨ ᠥᠪᠡᠰᠦᠪᠡᠨ ᠳᠠᠷᠤᠮᠠᠯᠯᠠᠭᠰᠠᠨ ︽ᠠᠵᠤ ᠠᠬᠤᠶᠢᠯᠠᠯ ᠤᠨ ᠡᠵᠡᠩᠨᠡᠯᠲᠡ ᠶᠢᠨ ᠦᠨᠡᠮᠯᠡᠯ︾ ᠢ | ᠲᠠᠷᠬᠠᠭᠠᠬᠰᠠᠨ ᠨᠢ ᠳᠤᠮᠳᠠᠳᠤ ᠤᠯᠤᠰ ᠤᠨ ᠪᠠᠩᠬᠢ ᠶᠢᠨ ᠬᠥᠲᠥᠯᠥᠨ ᠵᠢᠯᠣᠭᠤᠳᠬᠤ ᠲᠣᠤᠷ ᠴᠡᠭ ᠵᠢᠩᠬᠢᠨᠢ ᠪᠠᠷ ᠠᠵᠤ | ᠠᠬᠤᠶᠢᠯᠠᠯ ᠳᠤ ᠡᠵᠡᠩᠨᠡᠯᠲᠡ ᠶᠢᠨ ᠦᠨᠡᠮᠯᠡᠯ ᠬᠦᠢᠴᠡᠳᠭᠡᠭᠦ ᠦᠢᠯᠡᠴᠢᠯᠡᠭᠡ ᠬᠠᠩᠭᠠᠵᠤ ᠡᠬᠢᠯᠡᠭᠰᠡᠨ ᠢ ᠬᠠᠷᠠᠭᠤᠯᠵᠤ ᠪᠠᠶᠢᠨ᠎ᠠ᠃ | | | ᠳᠠᠷᠠᠭ᠎ᠠ ᠠᠯᠬᠤᠮ ᠳᠤ᠂ ᠹᠧᠩᠵᠧᠨ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠠᠬᠢᠭᠤᠯᠵᠤ᠂ ᠣᠯᠠᠨ ᠨᠡᠶᠢᠲᠡ ᠶᠢᠨ | ᠦᠢᠯᠡᠴᠢᠯᠡᠭᠡᠨ ᠤ ᠦᠷ᠎ᠡ ᠪᠦᠲᠦᠮᠵᠢ ᠪᠣᠯᠤᠨ ᠬᠤᠳᠠᠯᠳᠤᠭᠠᠨ ᠤ ᠶᠠᠪᠤᠳᠠᠯ ᠤᠨ ᠳᠠᠩᠰᠠᠯᠠᠯᠲᠠ ᠶᠢ ᠳᠥᠭᠦᠮᠴᠢᠯᠡᠬᠦ ᠬᠢᠷᠢ | ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ᠃ ︽ᠪᠥᠬᠦᠳᠡ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ | ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ︾ ᠶᠢᠨ ᠡᠷᠬᠡ ᠲᠡᠭᠰᠢ᠂ ᠠᠮᠢᠵᠢᠷᠠᠯ ᠤᠨ ᠬᠦᠴᠦᠨ᠂ ᠦᠷ᠎ᠡ ᠠᠰᠢᠭ | ᠭᠠᠷᠭᠠᠬᠤ ᠶᠢ ᠬᠥᠭᠵᠢᠭᠡᠵᠦ᠂ ᠳᠤᠮᠳᠠᠳᠤ ᠤᠯᠤᠰ ᠤᠨ ᠪᠠᠩᠬᠢ ᠶᠢᠨ ᠹᠧᠩᠵᠧᠨ ᠤ ᠰᠠᠯᠪᠤᠷᠢ ᠪᠠᠩᠬᠢ ᠵᠢᠴᠢ ᠪᠤᠰᠤᠳ | ᠪᠠᠩᠬᠢ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠶᠢ ᠲᠠᠰᠤᠷᠠᠯᠲᠠ ᠤᠢᠭᠡᠢ ᠬᠦᠨᠵᠡᠭᠡᠶᠢᠷᠡᠬᠦᠯᠵᠦ᠂ ᠪᠠᠶᠢᠴᠠᠭᠠᠨ | ᠰᠤᠳᠤᠯᠵᠤ ᠰᠤᠷᠪᠤᠯᠵᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠤᠨ | ᠬᠠᠮᠲᠤᠷᠠᠯᠴᠠᠭᠠᠨ ᠤ ᠲᠠᠪᠴᠠᠩ ᠢ ᠰᠠᠶᠢᠲᠤᠷ ᠪᠠᠶᠢᠭᠤᠯᠵᠤ᠂ ᠪᠦᠬᠦ ᠬᠤᠲᠠ ᠶᠢᠨ ᠳᠤᠮᠳᠠ ᠵᠢᠵᠢᠭ ᠪᠢᠴᠢᠯ ᠠᠵᠤ | ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠨ᠂ ᠠᠮᠤᠷ ᠲᠦᠪᠰᠢᠨ ᠢ ᠪᠠᠳᠤᠯᠠᠨ᠎ᠠ᠃ | ᠵᠤᠬᠢᠶᠠᠬᠴᠢ᠄ ᠸᠠᠩ ᠪᠢᠩ ᠸᠧᠢ | ᠤᠷᠴᠢᠭᠤᠯᠤᠬᠴᠢ᠄ ᠼᠦᠢ ᠶᠢᠩ | | |