ᠹᠧᠩᠵᠧᠨ ᠬᠤᠲᠠ ᠪᠠ ᠰᠢᠨ ᠷᠦᠩ ᠲᠣᠭᠤᠷᠢᠭ ᠤᠨ ᠱᠠᠨ ᠰᠢ ᠥᠪᠥᠷ ᠮᠣᠩᠭᠤᠯ ᠤᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠲᠤᠷᠠᠯᠴᠠᠭᠠᠨ ᠤ ᠰᠠᠭᠤᠳᠠᠯ ᠤᠨ ᠬᠤᠷᠠᠯ
ᠨᠡᠶᠢᠲᠡᠯᠡᠭᠰᠡᠨ ᠴᠠᠭ᠄
2020-05-22
    ᠲᠦᠷᠦᠭᠦᠬᠡᠨ᠂ ᠹᠧᠩᠵᠧᠨ ᠬᠤᠲᠠ ᠪᠠ ᠰᠢᠨ ᠷᠦᠩ ᠲᠣᠭᠤᠷᠢᠭ ᠤᠨ ᠱᠠᠨ ᠰᠢ ᠥᠪᠥᠷ ᠮᠣᠩᠭᠤᠯ ᠤᠨ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠲᠤᠷᠠᠯᠴᠠᠭᠠᠨ ᠤ ᠰᠠᠭᠤᠳᠠᠯ ᠤᠨ ᠬᠤᠷᠠᠯ ᠹᠧᠩᠵᠧᠨ ᠬᠤᠲᠠ ᠳᠤ ᠬᠤ‌‍ᠷᠠᠯᠳᠤᠪᠠ᠃ ᠳ᠋ᠠᠲ᠋ᠦ᠋ᠩ ᠬᠤᠲᠠ ᠶᠢᠨ ᠰᠢᠨ ᠷᠦᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠧᠩ ᡁᠢ ᠷᠦᠩ᠂ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠴᠢᠨ ᠱᠠᠩ ᠰᠦᠩ ᠨᠡᠷ ᠮᠠᠨ ᠤ ᠬᠤᠲᠠ ᠳᠤ ᠢᠷᠡᠵᠦ᠂ ᠮᠠᠨ ᠤ ᠬᠤᠲᠠ ᠶᠢᠨ ᠤᠳᠤᠷᠢᠳᠤᠯᠭ᠎ᠠ ᠲᠠᠢ ᠬᠠᠮᠲᠤᠷᠠᠨ ᠠᠵᠢᠯᠯᠠᠬᠤ ᠶᠠᠪᠤᠳᠠᠯ ᠢ ᠵᠦᠪᠳᠡᠯᠴᠡᠪᠡ᠃
    ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ ᠬᠠᠶ ᠬᠤᠷᠠᠯ ᠢ ᠡᠷᠭᠢᠯᠡᠪᠡ᠃ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠵᠠᠩ ᠬᠤᠩ ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠸᠠᠩ ᠵᠢᠶᠠᠨ ᠶᠢᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠠᠵᠤ ᠠᠬᠤᠶ ᠮᠡᠳᠡᠭᠡ ᠵᠠᠩᠭᠢ ᠶᠢᠨ ᠲᠣᠪᠴᠢᠶ᠎ᠠ ᠶᠢᠨ ᠳᠠᠷᠤᠭ᠎ᠠ ᠸᠠᠩ ᠳ᠋ᠦᠩ ᠯᠢ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠭᠦᠸᠧ ᠬᠤᠩ ᠭᠤᠸᠠᠩ᠂ ᠹᠯᠣᠷᠲᠤ ᠠᠵᠤ ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠹᠦ᠋ ᠵᠢᠶᠦ᠋ᠨ ᠸᠧᠨ ᠨᠠᠷ ᠬᠤᠷᠠᠯ ᠳᠤ ᠣᠷᠣᠯᠴᠠᠪᠠ᠃     ᠬᠤᠷᠠᠯ ᠳᠡᠭᠡᠷ᠎ᠡ᠂ ᠳ᠋ᠧᠩ ᡁᠢ ᠷᠦᠩ ᠠᠴᠠ ᠰᠢᠨ ᠷᠦᠩ ᠲᠣᠭᠤᠷᠢᠭ ᠪᠣᠯᠤᠨ ᠮᠠᠨ ᠤ ᠬᠤᠲᠠ ᠶᠢᠨ ᠬᠠᠮᠲᠤᠷᠠᠯᠴᠠᠭᠠᠨ ᠤ ᠰᠠᠨᠠᠮᠵᠢ᠂ ᠬᠠᠷᠠᠯᠲᠠ ᠵᠡᠷᠭᠡ ᠶᠢᠨ ᠲᠤᠬᠠᠢ ᠲᠣᠳᠣᠷᠬᠠᠶᠢᠯᠠᠯᠲᠠ ᠬᠢᠭᠰᠡᠨ ᠪᠥᠭᠡᠳ ᠮᠠᠨ ᠤ ᠬᠤᠲᠠ ᠲᠠᠢ ᠰᠠᠶᠢᠨ ᠰᠠᠶᠢᠬᠠᠨ ᠬᠠᠮᠲᠤᠷᠠᠯᠴᠠᠭᠠᠨ ᠤ ᠬᠠᠷᠢᠴᠠᠭ᠎ᠠ ᠪᠠᠶᠢᠭᠤᠯᠬᠤ ᠶᠢ ᠬᠦᠰᠡᠵᠦ ᠪᠠᠶᠢᠭ᠎ᠠ ᠪᠠᠨ ᠢᠯᠡᠳᠭᠡᠪᠡ᠃ ᠴᠢᠨ ᠱᠠᠩ ᠰᠦᠩ ᠰᠢᠨ ᠷᠦᠩ ᠲᠣᠭᠤᠷᠢᠭ ᠤᠨ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠰᠢᠨ ᠷᠦᠩ ᠲᠣᠭᠤᠷᠢᠭ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ  ᠲᠦᠯᠦᠪᠵᠢᠬᠦᠯᠭᠡ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠠᠯᠬᠤᠴᠠ ᠶᠢ ᠲᠦᠷᠭᠡᠳᠬᠡᠬᠦ᠂ ᠬᠤᠶᠠᠷ ᠭᠠᠵᠠᠷ ᠤᠨ ᠠᠵᠤ ᠠᠬᠤᠢ ᠶᠢᠨ ᠭᠦᠨᠵᠡᠭᠡᠶ ᠠᠭᠤᠰᠤᠯᠴᠠᠯ ᠢ ᠠᠬᠢᠭᠤᠯᠬᠤ ᠵᠡᠷᠭᠡ ᠲᠠᠯ᠎ᠠ ᠶᠢᠨ ᠰᠡᠳᠬᠢᠴᠡ ᠶᠢ ᠲᠣᠪᠴᠢ ᠲᠤᠳᠤᠷᠬᠠᠶᠢᠯᠠᠪᠠ᠃
    ᠸᠠᠩ ᠵᠧᠨ ᠬᠠᠢ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠄ ᠹᠧᠩᠵᠧᠨ ᠬᠤᠲᠠ ᠪᠣᠯᠤᠨ ᠳ᠋ᠠᠲ᠋ᠦ᠋ᠩ ᠬᠤᠲᠠ ᠶᠢᠨ ᠰᠢᠨ ᠷᠦᠩ ᠲᠣᠭᠤᠷᠢᠭ ᠤᠨ ᠬᠥᠷᠰᠢ ᠵᠡᠷᠭᠡᠯᠡᠳᠡᠭᠡ ᠬᠠᠷᠢᠯᠴᠠᠭ᠎ᠠ ᠪᠠᠨ ᠵᠤᠵᠠᠭᠠᠳᠬᠠᠵᠦ᠂ ᠣᠷᠣᠨ ᠪᠦᠰᠡ ᠶᠢᠨ ᠰᠣᠯᠢᠯᠴᠠᠭ᠎ᠠ  ᠪᠠᠨ ᠴᠢᠩᠭᠠᠳᠬᠠᠪᠠᠯ ᠵᠣᠬᠢᠨ᠎ᠠ︔ ᠬᠤᠶᠠᠷ ᠲᠠᠯ᠎ᠠ ᠪᠠᠷ ᠢᠶᠠᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠳᠤᠷᠠᠨ ᠠᠵᠢᠯᠯᠠᠵᠤ ᠬᠠᠮᠲᠤ ᠪᠠᠷ ᠠᠰᠢᠭ ᠬᠦᠷᠲᠡᠬᠦ ᠶᠢ ᠪᠡᠶᠡᠯᠡᠭᠦᠯᠵᠦ᠂ ᠳᠠᠪᠠᠭᠤᠯᠢᠭ ᠲᠠᠯ᠎ᠠ ᠪᠠᠨ ᠬᠤᠷᠠᠮᠳᠤᠭᠤᠯᠤᠨ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠦᠷᠢᠯᠳᠦᠭᠦᠯᠦᠨ᠎ᠡ᠃     ᠬᠠᠮᠲᠤᠷᠠᠨ ᠠᠵᠢᠯᠯᠠᠬᠤ ᠬᠠᠮᠢᠶ᠎ᠠ ᠪᠥᠬᠦᠶ ᠶᠠᠪᠤᠳᠠᠯ ᠤᠨ ᠲᠤᠬᠠᠶ᠂ ᠸᠠᠩ ᠵᠧᠨ ᠬᠠᠶ ᠠᠵᠤ ᠦᠢᠯᠡᠰ ᠤᠨ ᠬᠦᠷᠢᠶᠡᠯᠡᠩ ᠤᠨ ᠴᠠᠬᠢᠯᠭᠠᠨ᠂ ᠠᠵᠢᠯᠯᠠᠭᠠᠨ ᠤ ᠵᠠᠭᠪᠤᠷ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ ᠶᠢᠨ ᠠᠭᠤᠯᠭ᠎ᠠ᠂ ᠱᠠᠭᠠᠷᠳᠠᠯᠭ᠎ᠠ ᠵᠡᠷᠭᠡ ᠶᠢ ᠲᠣᠳᠣᠷᠬᠠᠶᠢᠯᠠᠪᠠ᠃ ᠸᠠᠩ ᠵᠧᠨ ᠬᠠᠢ᠄ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠨᠢ ᠡᠷᠬᠡᠪᠰᠢ ᠬᠠᠮᠢᠶ᠎ᠠ ᠪᠦᠬᠦᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠳᠠᠷᠠᠭ᠎ᠠ ᠠᠯᠬᠤᠮ ᠳᠤ ᠹᠧᠩᠵᠧᠨ ᠬᠤᠲᠠ ᠬᠠᠮᠢᠶ᠎ᠠ ᠪᠦᠬᠦᠢ ᠪᠠᠶᠢᠭᠤᠯᠤᠮᠵᠢ ᠪᠠᠶᠢᠭᠤᠯᠵᠤ᠂ ᠠᠵᠢᠯᠯᠠᠬᠤ ᠳᠤᠭᠤᠶᠢᠯᠠᠩ ᠪᠠᠶᠢᠭᠤᠯᠵᠤ᠂ ᠭᠠᠵᠠᠷ ᠰᠢᠷᠣᠶ᠂ ᠴᠠᠬᠢᠯᠭᠠᠨ ᠬᠦᠴᠦᠨ᠂ ᠲᠥᠷᠥ ᠶᠢᠨ ᠪᠣᠳᠣᠯᠭ᠎ᠠ ᠵᠡᠷᠭᠡ ᠲᠠᠯ᠎ᠠ ᠪᠠᠷ ᠰᠤᠳᠤᠯᠤᠯᠲᠠ ᠬᠢᠵᠦ᠂ ᠠᠵᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃ ᠳ᠋ᠧᠩ ᡁᠢ ᠷᠦᠩ ᠪᠠᠰᠠ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢ ᠡᠷᠡᠰ ᠭᠤᠶᠢᠪᠢᠰᠢ ᠦᠭᠡᠢ ᠪᠠᠷ ᠠᠬᠢᠭᠤᠯᠤᠨ᠎ᠠ ᠬᠡᠵᠦ ᠢᠯᠡᠳᠬᠡᠪᠡ᠃                     ᠵᠣᠬᠢᠶᠠᠭᠴᠢ᠄ ᠯᠢᠦᠶ ᠮᠢᠨ                   ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3