ᠵᠠᠩ ᠬᠤᠩ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2020-05-22
    5 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠤᠷᠳᠤᠨ ᠤ ᠪᠠᠶᠢᠩᠭᠤ ᠶᠢᠨ ᠳᠡᠳ᠋ ᠬᠤᠲᠠ ᠶᠢᠨ ᠳᠠᠷᠤᠭ᠎ᠠ ᠵᠠᠩ ᠬᠤᠩ ᠹᠧᠩᠵᠧᠨ ᠬᠤᠲᠠ ᠶᠢᠨ ᠥᠪᠥᠷ ᠮᠣᠩᠭᠤᠯ ᠤᠨ ᠵᠢᠩ ᠯᠸᠢ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠦᠩ ᠸᠠᠩ ᠬᠢᠮᠢ ᠶᠢᠨ ᠠᠵᠤ  ᠦᠢᠯᠡᠳᠪᠦᠷᠢ ᠶᠢᠨ ᠬᠢᠵᠠᠭᠠᠷᠳᠤ ᠬᠠᠷᠢᠭᠤᠴᠠᠯᠭᠠᠲᠤ ᠺᠣᠮᠫᠠᠨᠢ ᠳᠤ ᠭᠦᠨᠵᠡᠭᠡᠶᠢᠷᠡᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃
   ᠬᠤᠶᠠᠷ ᠠᠵᠤ ᠠᠬᠤᠶᠢᠯᠠᠯ ᠳᠤ ᠠᠶᠤᠯᠭᠦᠶ ᠦᠢᠯᠡᠳᠪᠦᠷᠢᠯᠡᠯ ᠤᠨ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠵᠠᠩ ᠬᠤᠩ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠭᠤᠣᠯ ᠠᠵᠠᠮᠳᠡᠬᠦ ᠲᠠᠰᠤᠭ ᠤᠨ ᠡᠯ᠎ᠡ ᠵᠦᠢᠯ ᠤᠨ ᠬᠢᠨᠠᠨ ᠡᠵᠡᠮᠳᠡᠬᠦ ᠭᠦᠢᠴᠡᠳᠬᠡᠯ ᠲᠤᠭ᠎ᠠ ᠶᠢᠨ ᠪᠠᠶᠢᠳᠠᠯ ᠢ ᠨᠠᠷᠢᠨ ᠯᠠᠪᠯᠠᠨ ᠠᠰᠠᠭᠤᠬᠤ ᠶᠢᠨ ᠬᠠᠮᠳᠤ ᠠᠵᠤ ᠠᠬᠤᠶᠢᠯᠠᠯ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ︔ ᠠᠶᠤᠯᠭᠦᠶ ᠦᠢᠯᠡᠳᠪᠦᠷᠢᠯᠡᠯ ᠤᠨ ᠬᠥᠮᠦᠵᠢᠯ ᠪᠣᠯᠪᠠᠰᠤᠷᠠᠭᠤᠯᠤᠯ ᠢ ᠶᠡᠭᠡ ᠪᠠᠷ ᠥᠷᠨᠢᠭᠦᠯᠵᠦ᠂ ᠠᠵᠢᠯᠳᠠᠨ ᠠᠵᠢᠯᠴᠢᠨ ᠤ ᠠᠶᠤᠯᠭᠦᠶ  ᠦᠢᠯᠡᠳᠪᠦᠷᠢᠯᠡᠯ ᠤᠨ ᠤᠬᠠᠮᠰᠠᠷ ᠪᠠ ᠠᠶᠤᠯᠭᠦᠶ ᠶᠢᠨ ᠰᠡᠷᠭᠡᠶᠢᠯᠡᠯᠲᠡ ᠶᠢᠨ ᠴᠢᠳᠠᠪᠤᠷᠢ ᠶᠢ ᠲᠡᠭᠡᠭᠰᠢᠯᠡᠬᠦᠯᠬᠦ ᠬᠡᠷᠡᠭᠲᠡᠶ︔ ᠥᠪᠡᠷ ᠤᠨ ᠪᠠᠶᠢᠴᠠᠭᠠᠯᠲᠠ ᠶᠢ ᠪᠠᠶᠢᠩᠭᠤ ᠥᠷᠨᠢᠭᠦᠯᠵᠦ᠂ ᠪᠠᠶᠢᠴᠠᠭᠠᠯᠲᠠ ᠶᠢ ᠪᠠᠶᠢᠩᠭᠤᠵᠢᠭᠤᠯᠵᠤ᠂ ᠠᠮᠤᠷ ᠲᠦᠪᠰᠢᠨ ᠤ ᠳᠠᠯᠳᠠ ᠭᠡᠮ ᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠬᠡᠷᠡᠭᠲᠡᠢ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ︽ᠬᠤᠶᠠᠷ ᠲᠠᠯ᠎ᠠ ᠶᠢ ᠠᠳᠬᠤᠬᠤ᠂ ᠬᠤᠶᠠᠷ ᠢ ᠰᠠᠭᠠᠲᠠᠭᠠᠬᠤ ᠦᠭᠡᠢ︾ ᠪᠠᠶᠢᠬᠤ ᠶᠢ ᠪᠡᠶᠡᠯᠡᠭᠦᠯᠬᠦ ᠬᠡᠷᠡᠭᠲᠡᠶ ᠭᠡᠪᠡ᠃    ᠵᠠᠩ ᠬᠤᠩ ᠱᠠᠭᠠᠷᠳᠠᠭᠰᠠᠨ ᠨᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ᠂ ᠣᠯᠵᠤ ᠮᠡᠳᠡᠭᠰᠡᠨ ᠠᠰᠠᠭᠤᠳᠠᠯ ᠪᠠ ᠪᠠᠭᠤᠷᠠᠶ ᠲᠠᠯ᠎ᠠ ᠳᠤ᠂ ᠠᠵᠤ ᠠᠬᠤᠶᠢᠯᠠᠯ ᠲᠠᠢ ᠴᠠᠭ ᠲᠤᠬᠠᠶ ᠳᠤᠨᠢ ᠵᠣᠯᠭᠠᠭᠤᠯᠤᠨ ᠴᠡᠭᠴᠡᠯᠡᠨ ᠰᠠᠶᠢᠵᠢᠷᠠᠭᠤᠯᠵᠤ᠂ ᠦᠢᠯᠡᠳᠪᠦᠷᠢᠯᠡᠯ ᠤᠨ ᠤᠷᠴᠢᠨ ᠲᠣᠭᠤᠷᠢᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃    ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ ᠤᠳᠤᠷᠢᠳᠤᠯᠭ᠎ᠠ ᠵᠢᠴᠢ ᠲᠠᠭᠠᠴᠢᠯᠠᠬᠰᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃                                      ᠵᠣᠬᠢᠶᠠᠭᠴᠢ᠄  ᠯᠢᠶᠠᠩ ᠯᠢ ᠫᠢᠩ                                      ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3