ᠦᠪᠦᠷ ᠮᠤᠩᠭᠤᠯ ᠤᠷᠤᠨ ᠳᠠᠬᠢ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020-05-23
   2020 ᠣᠨ ᠤ 5 ᠰᠠᠷ᠎ᠠ ᠶᠢᠨ 21 ᠤ ᠡᠳᠦᠷ ᠤᠨ 9 ᠴᠠᠭ ᠠᠴᠠ 5 ᠰᠠᠷ᠎ᠠ ᠶᠢᠨ 22 ᠤ ᠡᠳᠦᠷ ᠤᠨ 7 ᠴᠠᠭ ᠪᠣᠯᠲᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠳᠤᠳᠤᠯᠠᠭᠰᠠᠨ ᠡᠪᠡᠳᠴᠢᠨ ᠤ ᠵᠢᠱᠢᠶ᠎ᠠ ᠪᠠ ᠰᠡᠵᠢᠭᠯᠡᠯᠳᠡᠢ ᠡᠪᠡᠳᠴᠢᠨ ᠤ ᠵᠢᠱᠢᠶ᠎ᠠ ᠨᠡᠮᠡᠭᠳᠡᠭᠰᠡᠨ ᠦᠬᠡᠢ᠃    2020 ᠤᠨ ᠤ 5 ᠰᠠᠷ᠎ᠠ ᠶᠢᠨ 22 ᠤ ᠡᠳᠦᠷ ᠤᠨ 7 ᠴᠠᠭ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠤᠬᠠᠢ ᠶᠢᠨ ᠭᠠᠵᠠᠷ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠤᠳᠤᠯᠠᠬᠰᠠᠨ ᠡᠪᠡᠳᠴᠢᠨ ᠤ ᠵᠢᠱᠢᠶ᠎ᠡ 2᠂ 2 ᠡᠪᠡᠳᠴᠢᠳᠡᠨ ᠡᠷᠡᠭᠦᠯᠵᠢᠵᠤ ᠡᠮᠨᠡᠯᠭᠡ ᠠᠴᠠ ᠭᠠᠷᠴᠠᠢ︔ ᠬᠢᠯᠢ ᠶᠢᠨ ᠭᠠᠳᠠᠨ᠎ᠠ ᠠᠴᠠ ᠤᠷᠤᠵᠦ ᠢᠷᠡᠭᠰᠡᠨ ᠳᠤᠳᠤᠯᠠᠭᠰᠠᠨ ᠡᠪᠡᠳᠴᠢᠨ ᠤ ᠵᠢᠱᠢᠶ᠎ᠠ ᠨᠡᠶᠢᠳᠡ 140 ︵ᠤᠷᠤᠰ ᠠᠴᠠ 90᠂ ᠠᠩᠭ᠍ᠯᠢ ᠠᠴᠠ 23᠂ ᠹᠷᠠᠨᠼᠢ ᠠᠴᠠ 19᠂ ᠠᠮᠧᠷᠢᠺᠠ ᠠᠴᠠ 4᠂ ᠢᠰᠫᠠᠨᠢ ᠠᠴᠠ 2᠂ ᠰᠸᠧᠳᠧᠨ ᠠᠴᠠ 2︶ ᠪᠠᠶᠢᠵᠤ᠂ 123 ᠡᠪᠡᠳᠴᠢᠳᠡᠨ ᠡᠷᠡᠭᠦᠯᠵᠢᠵᠤ ᠡᠮᠨᠡᠯᠭᠡ ᠠᠴᠠ ᠭᠠᠷᠴᠠᠢ᠃ ᠤᠳᠤᠬᠠᠨ ᠳᠤ ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠠᠨ ᠡᠪᠡᠳᠴᠢᠨ ᠤ ᠵᠢᠱᠢᠶ᠎ᠠ 17 ᠪᠠᠶᠢᠨ᠎ᠠ᠃    2020 ᠣᠨ ᠤ 5 ᠰᠠᠷ᠎ᠠ ᠶᠢᠨ 21 ᠤ ᠡᠳᠦᠷ ᠤᠨ 24 ᠴᠠᠭ ᠪᠣᠯᠲᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠢᠯᠡᠷᠡᠯ ᠦᠬᠡᠢ ᠬᠠᠯᠳᠠᠪᠤᠷᠢᠯᠠᠭᠰᠠᠳ ᠭᠠᠷᠤᠬᠰᠠᠨ ᠦᠭᠡᠢ᠃ᠡᠳᠡᠬᠡᠷ ᠡᠪᠡᠳᠴᠢᠲᠡᠨ ᠢ ᠴᠥᠮ ᠲᠤᠭᠳᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠵᠦ᠂ ᠨᠢᠭᠲᠠ ᠣᠶᠢᠷᠠᠲᠤᠭᠰᠠᠳ ᠢ ᠴᠥᠮ ᠲᠣᠭᠲᠠᠭᠰᠠᠨ ᠭᠠᠵᠠᠷ ᠲᠤ ᠲᠦᠪᠯᠡᠷᠡᠬᠦᠯᠦᠨ ᠲᠤᠰᠠᠭᠠᠷᠯᠠᠵᠦ ᠠᠨᠠᠭᠠᠬᠤ ᠤᠬᠠᠭᠠᠨ ᠤ ᠠᠵᠢᠬᠯᠠᠯᠳᠠ ᠬᠢᠵᠦ ᠪᠤᠢ᠂ ᠪᠦᠬᠦ ᠶᠠᠪᠤᠴᠠ ᠳᠤ ᠪᠢᠲᠡᠭᠦᠮᠵᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠤ ᠪᠠᠶᠢᠨ᠎ᠠ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠪᠠ ᠬᠢᠯᠢ ᠶᠢᠨ ᠭᠠᠳᠠᠨ᠎ᠠ ᠠᠴᠠ ᠤᠷᠤᠵᠤ ᠢᠷᠡᠭᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠵᠢᠴᠢ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠬᠰᠠᠳ ᠤᠨ ᠬᠠᠮᠢᠶ᠎ᠠ ᠪᠦᠬᠦᠢ ᠪᠠᠶᠢᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠤᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠠᠪᠴᠠᠯ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠦ ᠪᠤᠢ᠃                                  ᠪᠡᠯᠡᠳᠭᠡᠭᠰᠡᠨ ᠨᠢ᠄ ᠼᠦᠢ ᠶᠢᠩ                            ᠢᠷᠡᠯᠲᠡ᠄ ᠥᠪᠥᠷ ᠮᠣᠩᠭᠤᠯ ᠤᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
ᠢᠷᠡᠯᠲᠡ᠄ ᠦᠪᠦᠷ ᠮᠣᠩᠭᠤᠯ ‍ᠤᠨ‌ᠠᠷᠠᠳ ᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3