ᠹᠧᠩᠵᠧᠨ ᠬᠤᠲᠠ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2020-05-25

       — ᠳᠤᠮᠳᠠᠳᠤ ᠤᠯᠤᠰ ᠤᠨ ᠡᠪ ᠬᠠᠮᠲᠤ ᠨᠠᠮ ᠤᠨ ᠹᠧᠩᠵᠧᠨ ᠬᠤᠳᠠ ᠶᠢᠨ ᠬᠤᠷᠢᠶᠠᠨ ᠤ ᠳᠡᠳ᠋ ᠱᠦᠵᠢ ᠂ ᠵᠠᠰᠠᠭ ᠤᠨ ᠤᠷᠳᠤᠨ ᠤ ᠳᠠᠷᠤᠭ᠎ᠠ ᠸᠠᠩ ᡁᠢ ᠶᠦᠩ    ᠰᠤᠷᠪᠤᠯᠵᠢᠯᠠᠭᠴᠢ᠄ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︖ ᠹᠧᠩᠵᠧᠨ ᠬᠤᠲᠠ ᠶᠢᠨ ᠵᠠᠰᠠᠭ ᠤᠨ ᠤᠷᠳᠤᠨ ᠤ ᠰᠦᠯᠵᠢᠶᠡᠨ ᠳᠡᠭᠡᠷ᠎ᠡ ᠰᠤᠷᠪᠤᠯᠵᠢᠯᠠᠨ ᠶᠠᠷᠢᠯᠴᠠᠬᠤ ᠶᠢ ᠠᠩᠬᠠᠷᠤᠭᠠᠷᠠᠶ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠪᠠᠷ᠂ ᠪᠢᠳᠡᠨ ᠤ ᠣᠯᠠᠨ ᠳᠤ ᠤᠷᠢᠭᠰᠠᠨ ᠵᠣᠴᠢᠨ ᠪᠣᠯ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠸᠠᠩ ᡁᠢ ᠶᠦᠩ ᠪᠣᠯᠤᠨ᠎ᠠ᠃    ᠰᠤᠷᠪᠤᠯᠵᠢᠯᠠᠭᠴᠢ᠄ ᠸᠠᠩ ᠬᠤᠲᠠ ᠶᠢᠨ ᠳᠠᠷᠤᠭ᠎ᠠ᠂ ᠲᠠ ᠰᠠᠶᠢᠨ ᠤᠤ︖    ᠸᠠᠩ ᡁᠢ ᠶᠦᠩ᠄ ᠬᠥᠲᠥᠯᠥᠭᠴᠢ ᠰᠠᠶᠢᠨ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕   ᠰᠤᠷᠪᠤᠯᠵᠢᠯᠠᠭᠴᠢ᠄ ᠸᠠᠩ ᠬᠤᠲᠠ ᠶᠢᠨ ᠳᠠᠷᠤᠭ᠎ᠠ᠂ ᠣᠳᠣᠬᠠᠨ ᠳᠤ᠂ ᠬᠤᠶᠠᠳᠤᠭᠠᠷ ᠪᠦᠯᠦᠭ ᠤᠨ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠶᠠᠭ ᠬᠥᠷ ᠬᠥᠭᠵᠢᠶᠡᠨ ᠲᠠᠢ ᠶᠠᠪᠤᠭᠳᠠᠵᠤ ᠪᠠᠶᠢᠨ᠎ᠠ᠂ ᠹᠧᠩᠵᠧᠨ ᠬᠤᠲᠠ ᠬᠡᠷᠬᠢᠨ ᠠᠬᠢᠭᠤᠯᠤᠭᠰᠠᠨ ᠢ ᠲᠠᠨᠢᠯᠴᠠᠭᠤᠯᠤᠭᠠᠳ ᠥᠭᠭᠦᠨ᠎ᠡ ᠤᠤ︖    ᠸᠠᠩ ᡁᠢ ᠶᠦᠩ᠄ ︽ᠣᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠴᠢᠨᠠᠷ ᠰᠠᠶᠢᠲᠠᠶ ᠠᠬᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠹᠧᠩᠵᠧᠨ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠤᠳᠤᠷᠢᠳᠬᠤ ᠪᠠᠭ ᠤᠨ ᠭᠡᠰᠢᠭᠦᠨ ᠲᠦᠷᠦᠬᠦᠯᠡᠨ ᠬᠤᠶᠠᠷ ᠲᠠᠯ᠎ᠠ ᠪᠠᠷ ᠠᠳᠬᠤᠵᠤ ᠬᠤᠶᠠᠷ ᠲᠠᠯ᠎ᠠ ᠪᠠᠷ ᠠᠬᠢᠭᠤᠯᠵᠠᠶ᠃ ᠤᠷᠢᠳᠠᠪᠠᠷ ᠰᠤᠷᠴᠤ  ᠲᠠᠬᠢᠨ ᠬᠦᠨᠵᠡᠭᠡᠢ ᠰᠤᠷᠴᠤ᠂ ᠤᠷᠢᠳᠠᠪᠠᠷ ᠥᠭᠡᠷᠡᠴᠢᠯᠡᠵᠦ ᠲᠠᠬᠢᠨ ᠪᠣᠳᠠᠲᠠᠢ ᠥᠭᠡᠷᠡᠴᠢᠯᠡᠵᠦ᠂ ᠪᠦᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠰᠤᠷᠤᠯᠴᠠᠵᠤ᠂ ᠲᠡᠷᠡ ᠶᠣᠰᠣᠭᠠᠷ ᠨᠢ ᠬᠢᠬᠦ ᠬᠡᠷᠡᠭᠲᠡᠢ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠭᠤᠤᠯ ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ ᠶᠢᠨ ᠬᠠᠷᠢᠭᠤᠴᠠᠯᠭ᠎ᠠ ᠶᠢ ᠡᠭᠦᠷᠬᠡᠯᠡᠵᠦ ᠤᠳᠤᠷᠢᠳᠬᠤ ᠪᠠᠭ ᠤᠨ ᠪᠦᠷᠢᠯᠳᠦᠬᠦᠨ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠬᠡᠯᠡᠵᠦ ᠪᠠᠶᠢᠨ᠎ᠠ᠃ ᠱᠠᠯᠠᠪᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠲᠦᠷᠦᠯ ᠬᠤᠪᠢᠶᠠᠨ ᠵᠢᠯᠣᠭᠤᠳᠴᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠶᠢ ᠠᠬᠢᠭᠤᠯᠤᠨ᠎ᠠ᠃ ᠨᠢᠭᠡ ᠳᠤ᠂ ᠪᠡᠯᠡᠳᠭᠡᠯ ᠠᠵᠢᠯ ᠢ ᠰᠠᠶᠢᠳᠤᠷ ᠬᠢᠨ᠎ᠡ᠃ ᠲᠥᠪ᠂ ᠥᠪᠡᠷᠲᠡᠭᠡᠨ ᠵᠠᠰᠠᠬᠤ ᠣᠷᠣᠨ ᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠰᠠᠨ ᠤ ᠲᠠᠷᠠᠭ᠎ᠠ᠂ ᠬᠤᠲᠠ ᠶᠢᠨ ᠨᠠᠮ ᠤᠨ ᠬᠤᠷᠢᠶ᠎ᠠ ᠳᠠᠷᠦ᠋ᠢᠬᠠᠨ ᠭᠤᠤᠯ ᠰᠡᠳᠦᠪᠲᠦ ᠬᠥᠮᠦᠵᠢᠯ ᠢ ᠠᠵᠢᠯ ᠤᠨ ᠵᠥᠪᠯᠡᠬᠦ ᠵᠦᠢᠯ ᠳᠡᠭᠡᠨ ᠣᠷᠣᠭᠤᠯᠵᠤ᠂ ᠴᠢᠬᠤᠯᠠ ᠪᠠᠶᠢᠷᠢᠨ ᠳᠤ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ ᠶᠢᠰᠦᠳᠦᠭᠡᠷ ᠤᠳᠠᠭᠠᠨ ᠤ ᠲᠥᠪᠯᠡᠷᠡᠩᠭᠦᠶ ᠰᠤᠷᠤᠯᠴᠠᠯᠭ᠎ᠠ ᠵᠢᠴᠢ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠰᠤᠷᠤᠯᠴᠠᠬᠤ ᠬᠤᠷᠠᠯ ᠢ ᠬᠤᠷᠠᠯᠳᠤᠭᠤᠯᠵᠠᠶ᠃ ᠶᠡᠷᠦᠩᠬᠡᠶ ᠱᠦᠵᠢ ᠰᠢ ᠶᠢᠨ ᠫᠢᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤ‌‍ᠷᠤᠯᠴᠠᠵᠤ᠂ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠪᠠ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠠᠶᠢᠭᠤᠯᠵᠤ᠂ ︽ᠬᠤᠶᠠᠳᠤᠭᠠᠷ ᠪᠦᠯᠦᠭ ᠤᠨ ᠭᠤᠤᠯ ᠰᠡᠳᠦᠪᠲᠦ ᠬᠥᠮᠦᠵᠢᠯ ᠳᠤ ᠣᠷᠣᠯᠴᠠᠬᠤ ᠨᠢᠭᠡᠴᠡ ᠶᠢᠨ ᠬᠠᠮᠢᠶ᠎ᠠ ᠪᠥᠬᠦᠶ ᠪᠡᠯᠡᠳᠭᠡᠯ ᠠᠵᠢᠯ ᠢ ᠤᠷᠢᠳᠴᠢᠯᠠᠨ ᠰᠠᠶᠢᠲᠤᠷ ᠬᠢᠬᠦ ᠲᠤᠬᠠᠶ ᠮᠡᠳᠡᠭᠳᠡᠯ︾ ︽︿ᠣᠭ ᠰᠠᠨᠠᠭ᠎ᠠ ᠪᠠᠨ ᠥᠯᠥ ᠮᠠᠷᠲᠠᠵᠤ᠂ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠦᠪᠲᠦ ᠬᠥᠮᠦᠵᠢᠯ ᠤᠨ ᠪᠡᠯᠡᠳᠬᠡᠯ ᠤᠨ ᠱᠠᠲᠤᠨ ᠳᠤ ︿ᠡᠭᠦᠳᠡ ᠪᠠᠨ ᠨᠡᠭᠡᠭᠡᠵᠦ ᠢᠳᠬᠠᠯ ᠠᠪᠬᠤ﹀ ᠰᠠᠨᠠᠯ ᠬᠤᠷᠢᠶᠠᠬᠤ ᠲᠤᠬᠠᠶ ᠮᠡᠳᠡᠭᠳᠡᠯ︾ ᠵᠡᠷᠭᠡ ᠠᠯᠢ ᠣᠯᠠᠨ ᠪᠢᠴᠢᠭ ᠮᠠᠲ᠋ᠧᠷᠢᠶᠠᠯ ᠢ ᠪᠠᠭᠤᠯᠭᠠᠵᠤ᠂ ᠭᠤᠤᠯ ᠰᠡᠳᠦᠪᠲᠦ ᠬᠥᠮᠦᠵᠢᠯ ᠤᠨ ᠬᠠᠯᠠᠮᠰᠢᠯ ᠢ ᠬᠥᠭᠵᠢᠭᠡᠪᠡ᠃ ᠬᠤᠶᠠᠷ ᠲᠤ᠂ ᠦᠳᠲᠡᠷ ᠲᠦᠷᠭᠡᠨ ᠡᠬᠢᠯᠡᠭᠦᠯᠦᠨ᠎ᠡ᠃ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠬᠰᠠᠨ ᠤ ᠳᠠᠷᠠᠭ᠎ᠠ᠂ ᠮᠠᠨ ᠤ ᠬᠤᠲᠠ ᠳᠠᠷᠦ᠋ᠢᠬᠠᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠭᠤᠣᠯ ᠰᠡᠳᠦᠪᠲᠦ ᠬᠥᠮᠦᠵᠢᠯ ᠢ ᠵᠢᠩᠬᠢᠨᠢ ᠪᠠᠷ ᠡᠬᠢᠯᠡᠭᠦᠯᠪᠡ︔ ᠲᠤᠰ ᠡᠳᠦᠷ ᠤᠨ ᠦᠳᠡ ᠶᠢᠨ ᠬᠤᠶᠢᠨ᠎ᠠ᠂ ᠪᠦᠬᠦ ᠬᠤᠳᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠭᠤᠤᠯ ᠰᠡᠳᠦᠪᠲᠦ ᠨᠠᠮ ᠤᠨ ᠡᠳᠦᠷ︾ ᠤᠨ ᠬᠡᠯᠪᠡᠷᠢ ᠪᠠᠷ ᠭᠤᠣᠯ ᠰᠡᠳᠦᠪᠲᠦ ᠬᠥᠮᠦᠵᠢᠯ ᠢ ᠦᠳᠲᠡᠷ ᠲᠦᠷᠭᠡᠨ ᠡᠬᠢᠯᠡᠭᠦᠯᠪᠡ᠃ ᠭᠤᠷᠪᠠ ᠳᠤ᠂ ᠲᠥᠷᠥ ᠶᠢᠨ ᠪᠣᠳᠣᠯᠭ᠎ᠠ ᠶᠢ ᠨᠠᠷᠢᠯᠢᠭ ᠤᠨᠤᠪᠴᠢᠳᠡᠢ ᠪᠠᠷ ᠬᠡᠷᠡᠭᠵᠢᠭᠦᠯᠦᠨ᠎ᠡ᠃ 7 ᠭᠠᠵᠠᠷ ᠤᠨ ᠲᠡᠰ ᠤᠨ ᠤᠳᠤᠷᠢᠳᠬᠤ ᠺᠠᠳ᠋ᠷ ᠤᠨ ᠳᠠᠭᠠᠭᠤᠯᠤᠭᠰᠠᠨ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠲᠣᠭᠤᠷᠢᠨ ᠵᠢᠯᠣᠭᠤᠳᠬᠤ  ᠲᠤᠭᠤᠶᠢᠯᠠᠩ ᠲᠣᠮᠢᠯᠠᠵᠤ᠂ ᠹᠧᠩᠵᠧᠨ ᠬᠤᠲᠠ ᠶᠢᠨ ᠨᠠᠮ ᠤᠨ ᠬᠤᠷᠢᠶᠠᠨ ᠤ ︿ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠭᠤᠤᠯ ᠰᠡᠳᠦᠪᠲᠦ ᠬᠥᠮᠦᠵᠢᠯ ᠢ ᠥᠷᠨᠢᠭᠦᠯᠬᠦ ᠲᠤᠬᠠᠶ ᠠᠵᠢᠯ ᠤᠨ ᠲᠥᠰᠦᠯ﹀ ᠵᠡᠷᠭᠡ ᠠᠯᠢ ᠣᠯᠠᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠠᠶ᠃ 13000 ᠭᠠᠷᠤᠢ ᠰᠤᠷᠤᠯᠴᠠᠬᠤ ᠮᠠᠲ᠋ᠧᠷᠢᠶᠠᠯ ᠢ ᠲᠠᠷᠬᠠᠭᠠᠵᠤ᠂ ᠭᠤᠣᠯ ᠰᠡᠳᠦᠪᠲᠦ ᠬᠥᠮᠦᠵᠢᠯ ᠢ ᠤᠷᠤᠭᠰᠢᠲᠠᠢ ᠦᠷᠨᠢᠬᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ ᠳᠥᠷᠪᠡ ᠳᠤ᠂ ᠦᠳᠭᠡᠨ ᠠᠭᠤᠷ ᠠᠮᠢᠰᠬᠤᠯ ᠢ ᠪᠣᠶ ᠪᠣᠯᠭᠠᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠭᠡᠷ ︽︿ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠣᠯᠠᠨ ᠢᠶᠠᠷ ᠢᠶᠠᠨ ᠶᠠᠷᠢᠯᠴᠠᠬᠤ﹀ ᠡᠬᠡ ᠪᠢᠴᠢᠭ ᠡᠯᠰᠡᠬᠦ ᠮᠡᠳᠡᠭᠳᠡᠯ︾ ᠢ ᠪᠠᠭᠤᠯᠭᠠᠵᠤ᠂ ᠹᠧᠩᠵᠧᠨ ᠤ ᠰᠣᠨᠢᠨ᠂ ᠹᠧᠩᠵᠧᠨ ᠤ ᠲᠧᠯᠸᠢᠰ ᠬᠤᠷᠢᠶ᠎ᠠ᠂ ᠠᠮᠢᠵᠢᠷᠠᠯ ᠤᠨ ᠬᠦᠴᠦᠨ ᠹᠧᠩᠵᠧᠨ᠂ ᠨᠠᠮ ᠤᠨ ᠪᠠᠶᠢᠭᠤᠯᠤᠯᠳᠠ ᠶᠢᠨ ᠰᠦᠯᠵᠢᠶ᠎ᠡ᠂ ᠨᠠᠮ ᠤᠨ ᠪᠠᠶᠢᠭᠤᠯᠤᠯᠲᠠ ᠶᠢᠨ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠲᠤ ︽ᠭᠤᠤᠯ ᠰᠡᠳᠤᠪᠳᠦ ᠬᠥᠮᠦᠵᠢᠯ ᠬᠢᠬᠦ ᠴᠠᠭ︾᠂ ︽ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠣᠯᠠᠨ ᠢᠶᠠᠷ ᠢᠶᠠᠨ ᠶᠠᠷᠢᠯᠴᠠᠬᠤ︾ ᠵᠡᠷᠭᠡ ᠲᠤᠰᠬᠠᠶ ᠪᠤᠯᠤᠩ ᠨᠡᠭᠡᠭᠡᠵᠦ᠂ ᠭᠤᠤᠯ ᠰᠡᠳᠦᠪᠲᠦ ᠬᠥᠮᠦᠵᠢᠯ ᠤᠨ ᠬᠠᠮᠢᠶ᠎ᠠ ᠪᠥᠬᠦᠶ ᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠵᠦ᠂ ᠰᠤᠷᠤᠯᠴᠠᠯᠭ᠎ᠠ ᠬᠥᠮᠦᠵᠢᠯ ᠤᠨ ᠰᠠᠶᠢᠨ ᠲᠤᠷᠰᠢᠯᠭ᠎ᠠ ᠂ ᠰᠠᠶᠢᠨ ᠠᠷᠭ᠎ᠠ ᠬᠢᠳᠡᠯ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠤᠬᠠᠭᠤᠯᠤᠨ᠎ᠠ᠃ ᠪᠦᠬᠦ ᠬᠤᠲᠠ ᠶᠢᠨ ᠡᠯ᠎ᠡ ᠨᠢᠬᠡᠴᠡ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ70 ᠵᠢᠯ ᠤᠨ ᠤᠢ ᠶᠢ ᠪᠡᠯᠭᠡᠯᠡᠬᠦ ᠰᠢᠷᠢᠰ ᠬᠥᠳᠡᠯᠭᠡᠭᠡᠨ ᠲᠠᠢ ᠤᠶᠠᠯᠳᠤᠭᠤᠯᠤᠨ᠂ ᠤᠷᠢᠶ᠎ᠠ ᠯᠣᠽᠦ᠋ᠩ ᠪᠢᠴᠢᠬᠦ ᠪᠠᠷ ᠳᠠᠮᠵᠢᠨ᠂ ᠤᠷᠠᠨ ᠰᠠᠶᠢᠬᠠᠨ ᠤ ᠲᠣᠭᠯᠠᠯᠲᠠ ᠭᠠᠷᠭᠠᠬᠤ᠂ ᠬᠤᠪᠢᠰᠬᠠᠯᠲᠤ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠲᠣᠭᠤᠷᠢᠨ ᠦᠵᠡᠬᠦ᠂ ᠬᠤᠪᠢᠰᠬᠠᠯ ᠤᠨ ᠲᠡᠤᠬᠡᠨ ᠰᠡᠳᠦᠪᠲᠦ ᠺᠢᠨᠣ᠋ ᠪᠠ ᠲᠡᠷᠢᠭᠦᠨ ᠤ ᠬᠥᠮᠦᠰ ᠤᠨ ᠰᠢᠯᠢᠳᠡᠭ ᠺᠢᠨᠣ᠋ ᠶᠢ ᠦᠵᠡᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠭᠤᠤᠯ ᠰᠡᠳᠦᠪᠲᠦ ᠬᠥᠮᠦᠵᠢᠯ ᠤᠨ ᠤᠷᠤᠭᠰᠢᠲᠠᠶ ᠶᠠᠪᠤᠭᠳᠠᠬᠤ ᠳᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠪᠠ᠃    ᠰᠤᠷᠪᠤᠯᠵᠢᠯᠠᠭᠴᠢ᠄ ᠸᠠᠩ ᠬᠤᠲᠠ ᠶᠢᠨ ᠳᠠᠷᠤᠭ᠎ᠠ ᠡ᠂ ᠹᠧᠩᠵᠧᠨ ᠬᠤᠲᠠ ᠶᠢᠨ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠣᠳᠣᠬᠠᠨ ᠳᠤ ᠨᠢᠭᠡᠨᠲᠡ ᠶᠠᠮᠠᠷ ᠶᠠᠮᠠᠷ ᠠᠵᠢᠯᠯᠠᠭ᠎ᠠ ᠥᠷᠨᠢᠭᠦᠯᠦᠭᠰᠡᠨ ᠪᠣᠶ︖    ᠸᠠᠩ ᡁᠢ ᠶᠦᠩ᠄ ᠹᠧᠩᠵᠧᠨ ᠬᠤᠲᠠ ᠶᠢᠨ ᠨᠠᠮ ᠤᠨ ᠬᠤᠷᠢᠶ᠎ᠠ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠤᠭ ᠰᠠᠨᠠᠭ᠎ᠠ︾ ᠪᠠ ︽ᠡᠭᠦᠷᠭᠡ ᠬᠠᠷᠢᠭᠤᠴᠠᠯᠭ᠎ᠠ︾ ᠲᠠᠢ ᠨᠢᠭᠲᠠ ᠤᠶᠠᠯᠳᠤᠭᠤᠯᠤᠨ᠂ ᠦᠨᠳᠦᠰᠦᠨ ᠡᠭᠦᠷᠭᠡ ᠶᠢ ᠪᠠᠲᠤ ᠡᠵᠡᠮᠰᠢᠵᠦ᠂ ᠶᠡᠷᠦᠩᠬᠡᠶ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠬᠤ ᠬᠠᠷᠠᠯᠲᠠ ᠪᠠᠨ ᠣᠨᠢᠯᠠᠵᠤ᠂ ᠲᠦᠷᠭᠡᠨ ᠬᠥᠳᠡᠯᠦᠯᠴᠡᠵᠦ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠪᠠ ᠬᠡᠬᠦᠳᠡᠭ ᠳᠦᠭᠦᠷᠡᠩ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠭᠤᠤᠯ ᠰᠡᠳᠦᠪᠲᠦ ᠬᠥᠮᠦᠵᠢᠯ ᠢ ᠭᠦᠨᠵᠡᠭᠡᠶ  ᠦᠷᠨᠢᠬᠦᠯᠪᠡ᠃ ᠨᠢᠭᠡ ᠳᠤ᠂ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠵᠤ ᠭᠦᠨᠵᠡᠭᠡᠶᠢᠷᠡᠭᠦᠯᠬᠦ ᠶᠢ ᠠᠬᠢᠭᠤᠯᠪᠠ᠃ ᠹᠧᠩᠵᠧᠨ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ︵ᠦᠷᠭᠡᠳᠭᠡᠭᠰᠡᠨ︶ ᠰᠤᠷᠤᠯᠴᠠᠬᠤ ᠬᠤᠷᠠᠯ ᠬᠤᠷᠠᠯᠳᠤᠭᠤᠯᠵᠤ᠂ ᠪᠦᠬᠦ ᠬᠤᠲᠠ ᠶᠢᠨ ᠳᠡᠳ᠋ ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷ ᠲᠥᠪᠯᠡᠷᠡᠭᠦᠯᠦᠨ ᠰᠤᠷᠤᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠣᠨᠣᠯ ᠤᠨ ᠰᠢᠰᠲ᠋ᠧᠮ ᠢ ᠨᠠᠷᠢᠨ ᠬᠢᠨᠠᠮᠠᠭᠠᠶ ᠰᠤᠷᠤᠯᠴᠠᠭᠰᠠᠨ ᠪᠥᠭᠡᠳ ᠬᠠᠭᠠᠰ ᠡᠳᠦᠷ ᠤᠨ ᠴᠠᠭ ᠢ ᠠᠰᠢᠬᠯᠠᠨ ᠲᠤᠰᠬᠠᠶ ᠰᠡᠳᠦᠪ ᠢᠶᠠᠷ ᠰᠤᠳᠤᠯᠤᠨ ᠶᠠᠷᠢᠯᠴᠠᠵᠤ᠂ ᠤᠨᠤᠯ ᠰᠤᠷᠤᠯᠴᠠᠬᠤ᠂ ᠦᠵᠡᠯ ᠰᠠᠨᠠᠭ᠎ᠠ ᠪᠠᠨ ᠰᠣᠯᠢᠯᠴᠠᠬᠤ᠂ ᠠᠵᠢᠯ ᠢᠶᠠᠨ ᠰᠤᠳᠤᠯᠤᠨ ᠶᠠᠷᠢᠯᠴᠠᠬᠤ᠂ ᠴᠢᠳᠠᠪᠤᠷᠢ ᠪᠠᠨ ᠳᠡᠭᠡᠭᠰᠢᠯᠡᠭᠦᠯᠬᠦ ᠵᠢᠱᠢᠭᠰᠡᠨ ᠵᠣᠷᠢᠯᠭ᠎ᠠ ᠳᠠᠭᠠᠨ ᠬᠦᠷᠴᠡᠶ᠃ ᠬᠤᠲᠠ ᠶᠢᠨ ᠨᠠᠮ ᠤᠨ ᠬᠤᠷᠢᠶᠠᠨ ᠤ ︽ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠡᠷᠬᠢᠯᠡᠵᠦ᠂ ᠲᠣᠭᠲᠠᠭᠠᠯ ᠶᠣᠰᠣᠭᠠᠷ ᠰᠤᠷᠤᠯᠴᠠᠬᠤ ᠠᠭᠤᠯᠭ᠎ᠠ ᠶᠣᠰᠣᠭᠠᠷ ᠥᠪᠡᠰᠦᠪᠡᠨ ᠰᠤᠷᠤᠯᠴᠠᠵᠤ᠂ ᠥᠪᠡᠷ ᠢᠶᠠᠨ ᠰᠣᠷᠣᠭᠰᠠᠨ ᠰᠠᠭᠤᠷᠢᠨ ᠳᠡᠭᠡᠷ᠎ᠡ ᠤᠳᠤᠷᠢᠳᠬᠤ ᠺᠠᠳ᠋ᠷᠴᠤᠳ ᠲᠥᠪᠯᠡᠷᠡᠭᠦᠯᠦᠨ ᠰᠤᠳᠤᠯᠤᠨ ᠶᠠᠷᠢᠯᠴᠠᠪᠠ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠤᠰᠬᠠᠶ ᠰᠡᠳᠦᠪᠲᠦ ᠰᠤᠷᠤᠯᠴᠠᠯᠭ᠎ᠠ ᠶᠠᠷᠢᠯᠴᠠᠭ᠎ᠠ ᠶᠢ ᠭᠦᠨᠵᠡᠭᠡᠶ ᠥᠷᠨᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ︽ᠳᠥᠷᠪᠡᠨ ᠬᠠᠷᠢᠴᠠᠭᠤᠯᠤᠯ︾ ᠶᠣᠰᠣᠭᠠᠷ᠂ ︽ᠰᠢ ᠶᠢᠨ ᠫᠢᠩ ᠤᠨ ︿ᠣᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀ ᠲᠤᠬᠠᠶ ᠴᠢᠬᠤᠯᠠ ᠥᠭᠦᠯᠡᠯᠲᠡ ᠶᠢᠨ ᠰᠣᠩᠭᠤᠮᠠᠯ︾ ᠵᠡᠷᠭᠡ ᠠᠭᠤᠯᠭ᠎ᠠ ᠶᠢᠨ ᠲᠣᠭᠤᠷᠢᠨ ᠳᠤ ᠰᠤᠷᠤᠯᠴᠠᠨ ᠶᠠᠷᠢᠯᠴᠠᠪᠠ᠃ ᠣᠶᠢᠯᠠᠭᠠᠯᠲᠠ ᠪᠠᠨ ᠶᠠᠷᠢᠵᠤ᠂ ᠬᠦᠷᠦᠯᠴᠡᠬᠦ ᠥᠬᠡᠶ ᠲᠠᠯ᠎ᠠ ᠪᠠᠨ ᠪᠠᠶᠢᠴᠠᠭᠠᠵᠤ᠂ ᠴᠢᠭᠯᠡᠯ ᠢᠶᠠᠨ ᠲᠣᠳᠣᠷᠬᠠᠶ ᠪᠤᠯᠭᠠᠪᠠ᠃ ᠬᠤᠶᠠᠷ ᠲᠤ᠂ ᠰᠡᠷᠡᠮᠵᠢᠯᠡᠭᠦᠯᠬᠦ ᠬᠥᠮᠦᠵᠢᠯ ᠢ ᠰᠠᠶᠢᠳᠤᠷ ᠬᠢᠪᠡ᠃ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠤᠨ ︽ᠢᠯᠵᠠᠷᠠᠨ ᠳᠣᠷᠦ᠋ᠢᠲᠠᠭᠰᠠᠨ ᠤᠭ ᠰᠠᠨᠠᠭ᠎ᠠ︾ ᠶᠢ ᠬᠠᠮᠲᠤ ᠪᠠᠷ ᠲᠣᠭᠤᠷᠢᠨ ᠦᠵᠡᠵᠦ᠂ ᠤᠳᠤᠷᠢᠳᠬᠤ ᠺᠠᠳ᠋ᠷᠴᠤᠳ ᠲᠤ ᠠᠮᠢᠳᠤ ᠳᠦᠷᠰᠦᠯᠢᠭ ᠰᠡᠷᠡᠮᠵᠢᠯᠡᠭᠦᠯᠬᠦ ᠬᠥᠮᠦᠵᠢᠯ ᠤᠨ ᠬᠢᠴᠢᠶᠡᠯ ᠣᠷᠣᠵᠤ ᠥᠭᠴᠡᠶ᠃ ᠭᠤᠷᠪᠠ ᠳᠤ᠂ ᠬᠤᠪᠢᠰᠬᠠᠯ ᠤᠨ ᠬᠥᠮᠦᠵᠢᠯ ᠢ ᠤᠭ ᠰᠠᠨᠠᠭ᠎ᠠ ᠳᠤ ᠢᠯᠡᠷᠡᠭᠦᠯᠪᠡ᠃ ᠳᠡᠳ᠋ ᠭᠠᠵᠠᠷ ᠤᠨ ᠳᠡᠰ ᠠᠴᠠ ᠳᠡᠭᠡᠭᠰᠢᠬᠢ ᠤᠳᠤᠷᠢᠳᠬᠤ ᠺᠠᠳ᠋ᠷ ᠢ ᠵᠣᠬᠢᠶᠠᠨ ᠪᠠᠶᠢᠭᠤᠯᠤᠨ ᠬᠤᠪᠢᠰᠬᠠᠯ ᠤᠨ ᠡᠷᠲᠡ ᠴᠢᠯᠥᠭᠡᠯᠡᠭᠳᠡᠭᠰᠡᠨ ᠣᠷᠣᠨ ᠤ ᠶᠤᠸᠠᠨ ᠱᠠᠨ ᠽᠢ ᠰᠢᠶᠠᠩ ᠤᠨ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠲᠤ ᠬᠦᠨᠵᠡᠭᠡᠶᠢᠷᠡᠬᠦᠯᠵᠦ᠂ ᠬᠤ ᠢ ᠰᠢᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠤᠩᠬᠤᠨ ᠤ ᠬᠦᠷᠢᠶᠡᠯᠡᠩ ᠪᠣᠯᠤᠨ ᠦᠵᠡᠭᠦᠯᠦᠯᠭᠡ ᠶᠢᠨ ᠣᠷᠳᠣᠨ ᠵᠡᠷᠭᠡ ᠶᠢ ᠲᠣᠭᠤᠷᠢᠨ ᠦᠵᠡᠵᠦ᠂ ᠤᠳᠤᠷᠢᠳᠬᠤ ᠺᠠᠳ᠋ᠷᠴᠤᠳ ᠲᠤ ᠬᠤᠪᠢᠰᠬᠠᠯ ᠤᠨ ᠬᠥᠮᠦᠵᠢᠯ ᠬᠦᠷᠲᠡᠭᠡᠪᠡ᠃ ᠳᠥᠷᠪᠡ ᠳᠤ᠂ ᠤᠳᠤᠷᠢᠳᠤᠯᠭ᠎ᠠ ᠲᠦᠷᠦᠭᠦᠯᠡᠨ ᠬᠡᠪ ᠳᠠᠭᠤᠷᠢᠶᠠᠯ ᠪᠤᠯᠪᠠ᠃ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠲᠦᠷᠦᠭᠦᠯᠡᠨ ᠲᠣᠷᠣᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠴᠠᠭᠠᠨ ᠴᠡᠭᠴᠡᠯᠡᠵᠦ᠂ 13 ᠪᠠᠶᠢᠴᠠᠭᠠᠨ ᠵᠢᠭᠰᠠᠭᠠᠬᠤ ᠳᠤᠭᠤᠶᠢᠯᠠᠩ ᠪᠠᠶᠢᠭᠤᠯᠵᠤ᠂ ᠪᠥᠬᠦ ᠬᠤᠲᠠ ᠶᠢᠨ ᠪᠣᠶ ᠪᠥᠬᠦᠶ ᠲᠣᠰᠬᠤᠨ ᠤ ᠨᠠᠮ ᠤᠨ ᠡᠭᠦᠷ᠂ ᠨᠡᠶᠢᠭᠡᠮ ᠲᠣᠭᠤᠷᠢᠭ ᠤᠨ ᠨᠠᠮ ᠤᠨ ᠡᠭᠦᠷ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠵᠣᠬᠢᠶᠠᠨ  ᠪᠠᠶᠢᠭᠤᠯᠤᠯᠳᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠠ᠃ 710 ᠠᠶᠢᠯ ᠲᠣᠰᠬᠤᠨ ᠢᠶᠠᠷ ᠶᠠᠪᠤᠵᠤ᠂ ᠲᠣᠷᠣᠢ ᠪᠠᠭᠤᠷᠠᠶ ᠰᠤᠯᠠ ᠵᠠᠳᠠᠭᠠᠶ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠳᠠᠯ ᠢ ᠣᠶᠢᠯᠭᠠᠨ ᠵᠢᠭᠰᠠᠭᠠᠵᠤ᠂ ᠵᠠᠳᠠᠯᠤᠨ ᠰᠤᠳᠤᠯᠵᠤ ᠮᠠᠭᠠᠳᠯᠠᠬᠤ ᠪᠠᠷ ᠳᠠᠮᠵᠢᠨ᠂ 8 ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ 3 ᠨᠡᠶᠢᠭᠡᠮ ᠲᠣᠭᠤᠷᠢᠭ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ᠂ ᠨᠡᠶᠢᠭᠡᠮ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠲᠤᠷᠤᠢ ᠪᠠᠭᠤᠷᠠᠶ ᠰᠤᠯᠠ ᠵᠠᠳᠠᠭᠠᠶ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠭᠠᠬᠤ ᠪᠠᠷ ᠲᠣᠭᠲᠠᠭᠠᠪᠠ᠃ ᠬᠤᠲᠠ ᠶᠢᠨ ᠱᠠᠲᠤᠨ ᠤ ᠤᠳᠤᠷᠢᠳᠬᠤ ᠪᠠᠭ ᠤᠨ ᠪᠦᠷᠢᠯᠳᠦᠬᠦᠨ ᠤ ᠲᠣᠰᠬᠤᠨ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠲᠣᠰᠬᠤᠨ ᠢ ᠳᠠᠭᠠᠭᠠᠴᠢᠯᠠᠬᠤ᠂ ᠨᠢᠭᠡᠳᠦᠭᠡᠷ ᠱᠦᠵᠢ ᠶᠢᠨ ᠲᠣᠰᠬᠤᠨ ᠳᠤ ᠰᠠᠭᠤᠬᠤ᠂ ᠪᠠᠶᠢᠭᠤᠯᠤᠯᠭ᠎ᠠ ᠨᠢᠬᠡᠴᠡ ᠶᠢᠨ ᠬᠤᠤᠰᠯᠠᠬᠤ ᠠᠷᠭ᠎ᠠ ᠪᠠᠷ ᠬᠠᠪᠰᠤᠷᠤᠨ ᠬᠤᠯᠪᠣᠭᠠᠯᠠᠨ ᠴᠡᠭᠴᠡᠯᠡᠨ ᠰᠠᠶᠢᠵᠢᠷᠠᠭᠤᠯᠵᠦ᠂ ᠨᠢᠭᠡᠨᠲᠡ ᠪᠦᠬᠦᠨ ᠢ ᠴᠡᠭᠴᠡᠯᠡᠨ ᠥᠭᠡᠷᠡᠴᠢᠯᠡᠵᠦ ᠳᠠᠭᠤᠰᠴᠠᠶ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠲᠦᠷᠦᠭᠦᠯᠡᠨ ᠰᠤᠷᠤᠯᠴᠠᠯᠭ᠎ᠠ ᠰᠤᠳᠤᠯᠤᠨ ᠶᠠᠷᠢᠯᠴᠠᠬᠤ ᠶᠢ ᠭᠦᠨᠵᠡᠭᠡᠶ ᠥᠷᠨᠢᠭᠦᠯᠵᠦ᠂ ᠲᠡᠮᠳᠡᠭᠯᠡᠯ ᠲᠠᠢ᠂ ᠣᠯᠤᠯᠲᠠ ᠲᠠᠢ᠂ ᠪᠥᠬᠦ ᠬᠤᠲᠠ ᠶᠢᠨ ᠨᠠᠮ ᠤᠨ ᠭᠡᠰᠢᠭᠦᠨ ᠤᠳᠤᠷᠢᠳᠬᠤ ᠺᠠᠳ᠋ᠷ  ᠲᠤ ᠬᠡᠪ ᠳᠠᠭᠤᠷᠢᠶᠠᠯ ᠪᠤᠯᠵᠦ᠂ ᠵᠢᠱᠢᠶ᠎ᠡ ᠦᠵᠡᠬᠦᠯᠬᠦ ᠪᠠᠷ ᠴᠢᠷᠮᠠᠶᠢᠪᠠ᠃ ᠲᠦᠷᠦᠭᠦᠯᠡᠨ ᠰᠤᠷᠪᠤᠯᠵᠢᠯᠠᠨ ᠲᠣᠬᠤᠨᠢᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠷᠬᠢᠨ ᠦᠵᠡᠵᠦ ᠲᠣᠬᠤᠨᠢᠭᠤᠯᠬᠤ᠂ ᠰᠠᠨᠠᠯ ᠰᠠᠨᠠᠭᠤᠯᠭ᠎ᠠ ᠰᠤᠨᠤᠰᠬᠤ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ᠂ ᠠᠬᠠᠮᠠᠳ ᠨᠠᠮ ᠤᠨ ᠭᠡᠰᠢᠭᠦᠨ᠂ ᠠᠬᠠᠮᠠᠳ ᠺᠠᠳ᠋ᠷ ᠤᠨ ᠭᠡᠷ ᠪᠦᠯᠢ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠮᠦᠨ᠎ᠡ ᠹᠷᠣᠨᠲ ᠤᠨ ᠨᠠᠮ ᠤᠨ ᠭᠡᠰᠢᠭᠦᠨ ᠺᠠᠳ᠋ᠷ ᠢ ᠬᠠᠯᠠᠮᠵᠢᠯᠠᠵᠦ ᠬᠠᠪᠰᠤᠷᠤᠨ ᠲᠡᠳᠬᠦᠬᠦ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠨᠠᠮ ᠤᠨ ᠬᠠᠶᠢᠷ᠎ᠠ ᠬᠠᠯᠠᠮᠵᠢ ᠶᠢ ᠲᠣᠬᠤᠨᠢᠭᠤᠯᠬᠤ ᠡᠲᠡᠭᠡᠳ ᠤᠨ ᠰᠡᠳᠬᠢᠯ ᠳᠤ ᠦᠨᠡᠨ ᠬᠦ ᠬᠦᠷᠭᠡᠪᠡ᠃ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ 58 ᠠᠬᠠᠮᠠᠳ ᠺᠠᠳ᠋ᠷ᠂ ᠪᠥᠬᠦᠳ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠬᠤ ᠠᠴᠠ ᠡᠮᠦᠨ᠎ᠡ ᠣᠷᠣᠯᠭ᠎ᠠ ᠦᠭᠡᠢ 14 ᠠᠬᠠᠮᠠᠳ ᠨᠠᠮ ᠤᠨ ᠭᠡᠰᠢᠭᠦᠨ᠂ 268 ᠬᠦᠴᠢᠷᠳᠡᠯ ᠲᠠᠢ ᠨᠠᠮ ᠤᠨ ᠭᠡᠰᠢᠭᠦᠨ ᠢ ᠲᠣᠬᠤᠨᠢᠭᠤᠯᠪᠠ᠃ ᠲᠠᠪᠤ ᠳᠤ᠂ ᠭᠤᠤᠯ ᠰᠡᠳᠦᠪ ᠢ ᠲᠤᠪᠤᠶᠢᠯᠭᠠᠨ ᠪᠣᠳᠠᠲᠤ ᠦᠷ᠎ᠡ ᠪᠦᠲᠦᠮᠵᠢ ᠶᠢ ᠠᠳᠬᠤᠪᠠ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠭᠤᠷᠪᠠᠨ ᠬᠤᠷᠠᠯ ᠨᠢᠭᠡ ᠬᠢᠴᠢᠶᠡᠯ︾᠂ ︽ᠭᠤᠣᠯ  ᠰᠡᠳᠤᠪᠳᠦ ᠨᠠᠮ ᠤᠨ ᠡᠳᠦᠷ︾ ᠵᠡᠷᠭᠡ ᠠᠵᠢᠯᠯᠠᠭ᠎ᠠ ᠶᠢ ᠭᠦᠢᠴᠡᠳ ᠠᠰᠢᠭᠯᠠᠵᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠪᠦᠬᠦ ᠲᠠᠯ᠎ᠠ ᠪᠠᠷ ᠰᠢᠰᠲ᠋ᠧᠮ ᠲᠠᠢ ᠰᠤᠷᠤᠯᠴᠠᠬᠤ ᠳᠤ ᠵᠠᠪᠠᠯ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠪᠥᠬᠦ ᠬᠤᠲᠠ ᠶᠢᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠬᠦᠢᠴᠡᠳᠭᠡᠯ ᠲᠤᠭ᠎ᠠ ᠪᠠᠭᠤᠷᠠᠶ ᠪᠠᠶᠢᠬᠤ ᠶᠢ  ᠬᠦᠴᠦᠯᠡᠨ ᠨᠥᠬᠦᠪᠥᠷᠢᠯᠡᠨ᠎ᠡ    ᠰᠤᠷᠪᠤᠯᠵᠢᠯᠠᠭᠴᠢ᠄ ᠸᠠᠩ ᠬᠤᠲᠠ ᠶᠢᠨ ᠳᠠᠷᠤᠭ᠎ᠠ ᠶᠢᠨ ᠦᠵᠡᠬᠦ ᠪᠠᠷ ᠨᠠᠮ ᠤᠨ ᠭᠡᠰᠢᠭᠦᠨ ᠤᠳᠤᠷᠢᠳᠬᠤ ᠺᠠᠳᠠᠷ ᠪᠣᠯᠤᠭᠰᠠᠨ ᠤ ᠬᠤᠪᠢ ᠳᠤ ᠬᠡᠷᠬᠢᠨ ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠪᠣᠶ︖    ᠸᠠᠩ ᡁᠢ ᠶᠦᠩ᠄ ᠶᠡᠷᠦᠩᠬᠡᠶ ᠱᠦᠵᠢ ᠰᠢ ᠶᠢᠨ ᠫᠢᠩ ︽ᠣᠭ ᠰᠠᠨᠠᠭ᠎ᠠ ᠪᠠᠨ ᠥᠯᠥ ᠮᠠᠷᠲᠠᠵᠤ ᠡᠭᠦᠷᠭᠡ  ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷ᠎ᠡ  ᠪᠢᠳᠡᠨ ᠤ ᠤᠭ ᠰᠠᠨᠠᠭ᠎ᠠ ᠪᠣᠯ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠤᠰᠦᠨ ᠵᠣᠷᠢᠯᠲᠠ ᠶᠢ ᠪᠠᠲᠤ ᠴᠡᠭᠡᠵᠢᠯᠡᠵᠦ᠂ ᠡᠷᠡᠰ ᠪᠠᠲᠤ ᠬᠦᠰᠡᠯᠡᠩ ᠢᠲᠡᠭᠡᠯ ᠪᠢᠰᠢᠷᠡᠯ ᠢᠶᠠᠷ ᠤᠭ ᠰᠠᠨᠠᠭ᠎ᠠ ᠪᠠᠨ ᠪᠠᠲᠤ ᠰᠠᠬᠢᠵᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠣᠯ ᠳᠠᠷᠤᠢ ᠪᠢᠳᠡᠨ ᠤ ᠲᠡᠮᠡᠴᠡᠬᠦ ᠬᠠᠷᠠᠯᠲᠠ ᠮᠥᠨ ᠬᠡᠵᠦ ᠵᠢᠭᠠᠨ ᠭᠠᠷᠭᠠᠪᠠ᠃ ᠮᠠᠨ ᠤ ᠨᠠᠮ ᠪᠣᠯ ᠠᠷᠠᠳ ᠲᠦᠮᠡᠨ ᠠᠴᠠ ᠢᠷᠡᠵᠦ᠂ ᠠᠷᠠᠳ ᠲᠦᠮᠡᠨ ᠢ ᠦᠨᠳᠦᠰᠦᠯᠡᠭᠰᠡᠨ ᠭᠡᠳᠡᠭ ᠢ ᠴᠠᠭ ᠢᠮᠠᠭᠲᠠ ᠴᠡᠭᠡᠵᠢᠯᠡᠵᠦ᠂ ᠬᠡᠵᠢᠶᠡᠳᠡ ᠤᠯᠠᠨ ᠲᠦᠮᠡᠨ ᠠᠴᠠ ᠬᠥᠨᠳᠡᠶᠢᠷᠡᠵᠦ᠂ ᠤᠯᠠᠨ ᠲᠦᠮᠡᠨ ᠢ ᠬᠥᠩᠭᠡᠪᠴᠢᠯᠡᠵᠦ᠂ ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠬᠥᠩᠭᠡᠪᠴᠢᠯᠡᠵᠦ ᠪᠣᠯᠬᠤ ᠦᠭᠡᠢ᠃ ᠬᠤᠰᠢᠭᠤ ᠰᠢᠶᠠᠨ ᠤ ᠨᠠᠮ ᠵᠠᠰᠠᠭ ᠤᠨ ᠤᠳᠤᠷᠢᠳᠬᠤ ᠺᠠᠳ᠋ᠷ ᠪᠣᠯᠤᠭᠰᠠᠨ ᠤ ᠬᠤᠪᠢ ᠳᠤ ᠨᠡᠩ ᠴᠤ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠪᠠᠨ ᠪᠠᠲᠤ ᠴᠡᠭᠡᠵᠢᠯᠡᠵᠦ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ᠃    ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠳᠤ ︽ᠬᠥᠬᠡᠮᠳᠦᠭ ᠠᠭᠤᠯᠠ ᠶᠢ ᠤᠬᠳᠤ ᠰᠤᠯᠠᠷᠠᠭᠤᠯᠤᠯ ᠦᠭᠡᠢ︾ ᠤᠭ ᠰᠠᠨᠠᠭ᠎ᠠ ᠲᠠᠢ ᠪᠠᠶᠢᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ᠄ ︽ᠡᠪ ᠬᠠᠮᠲᠤᠴᠤᠳ ᠤᠨ ᠤᠭ ᠰᠠᠨᠠᠭ᠎ᠠ ᠪᠠ ᠡᠭᠦᠷᠭᠡ ᠬᠠᠷᠢᠭᠤᠴᠠᠯᠭ᠎ᠠ᠂ ᠳᠠᠷᠤᠶ ᠳᠤᠮᠳᠠᠳᠤ ᠤᠯᠤᠰ ᠤᠨ ᠠᠷᠠᠳ ᠲᠦᠮᠡᠨ ᠳᠤ ᠵᠣᠯ ᠵᠢᠷᠭᠠᠯ ᠣᠯᠭᠤᠵᠤ᠂ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ︾ ᠬᠡᠬᠦ ᠴᠢᠬᠤᠯᠠ ᠥᠭᠦᠯᠡᠯᠲᠡ ᠨᠢ᠂ ᠮᠠᠨ ᠤ ᠨᠠᠮ ᠤᠨ ᠡᠭᠦᠷᠢᠳᠡ ᠬᠤᠪᠢᠷᠠᠰᠢ ᠦᠭᠡᠢ ᠰᠢᠨᠵᠢ ᠴᠢᠨᠠᠷ᠂ ᠵᠣᠷᠢᠯᠲᠠ ᠪᠣᠯᠤᠨ ᠲᠡᠮᠡᠴᠡᠯ ᠤᠨ ᠬᠠᠷᠠᠯᠲᠠ ᠶᠢ ᠢᠯᠡᠷᠡᠬᠦᠯᠵᠦ᠂ ᠳᠤᠮᠳᠠᠳᠤ ᠤᠯᠤᠰ ᠤᠨ ᠡᠪ ᠬᠠᠮᠲᠤᠴᠤᠳ ᠤᠨ ᠢᠮᠠᠭᠲᠠ ᠬᠤᠪᠢᠷᠠᠰᠢ ᠦᠭᠡᠢ ᠲᠡᠦᠬᠡ ᠶᠢᠨ ᠡᠭᠦᠷᠭᠡᠯᠡᠯ ᠤᠨ ᠵᠣᠷᠢᠭ ᠰᠠᠨᠠᠭ᠎ᠠ ᠶᠢ ᠢᠯᠡᠷᠡᠭᠦᠯᠪᠡ᠃ ᠨᠠᠮ ᠪᠠᠶᠢᠭᠤᠯᠤᠭᠳᠠᠭᠰᠠᠨ ᠶᠡᠷᠡᠨ ᠨᠠᠢᠮᠠᠨ ᠵᠢᠯ ᠵᠢᠴᠢ ᠨᠠᠨ ᠬᠤ ᠨᠠᠭᠤᠷ ᠳᠡᠭᠡᠷᠡᠬᠢ ᠮᠣᠳᠣᠨ ᠣᠩᠭᠤᠴᠠ ᠠᠴᠠ ᠡᠷᠭᠢᠴᠡᠭᠦᠯᠬᠦᠶ᠎ᠡ᠄ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠤᠮᠳᠠᠳᠤ ᠤᠯᠤᠰ ᠤᠨ ᠡᠯ᠎ᠡ ᠦᠨᠳᠦᠰᠦᠲᠡᠨ ᠤ ᠠᠷᠠᠳ ᠲᠦᠮᠡᠨ ᠤ ᠠᠰᠢᠭ ᠲᠤᠰᠠ ᠶᠢᠨ ᠦᠨᠡᠨᠴᠢ ᠲᠥᠯᠥᠭᠡᠯᠡᠭᠴᠢ  ᠮᠦᠨ᠃ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠶᠢ ᠥᠪᠡᠷ ᠤᠨ ᠢᠶᠠᠨ ᠴᠤᠷ ᠤᠨ ᠭᠠᠭᠴᠠ ᠵᠣᠷᠢᠯᠲᠠ ᠪᠤᠯᠭᠠᠪᠠ᠃ ᠣᠳᠣᠬᠠᠨ ᠳᠤ ᠪᠢᠳᠡ ᠬᠡᠳᠦ᠋ᠢᠪᠡᠷ ᠡᠳᠦᠶ ᠲᠡᠳᠦᠶ ᠠᠮᠵᠢᠯᠲᠠ ᠣᠯᠤᠭᠰᠠᠨ ᠪᠣᠯᠪᠠᠴᠤ᠂ ᠮᠠᠨ ᠤ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠴᠢᠩᠭ᠎ᠠ ᠪᠤᠰᠤ᠂ ᠦᠨᠳᠦᠰᠦᠨ ᠣᠯᠠᠨ ᠨᠡᠢᠲᠡ ᠶᠢᠨ ᠦᠢᠯᠡᠴᠢᠯᠡᠭᠡᠨ ᠤ ᠬᠠᠩᠭᠠᠯᠭ᠎ᠠ ᠲᠡᠩᠴᠡᠭᠦᠷᠢ ᠦᠭᠡᠢ᠂ ᠭᠦᠢᠴᠡᠳ ᠪᠤᠰᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠡᠬᠦ ᠡᠭᠦᠷᠭᠡ ᠬᠠᠲᠠᠭᠤ ᠪᠡᠷᠬᠡ ᠵᠡᠷᠭᠡ ᠣᠳᠣᠬᠢ ᠪᠠᠶᠢᠳᠠᠯ ᠳᠤ᠂ ᠪᠢᠳᠡ ᠡᠷᠬᠡᠪᠰᠢ ᠨᠠᠩ ᠬᠠᠲᠠᠭᠤᠵᠢᠯᠲᠠᠶ ᠴᠢᠷᠮᠠᠶᠢᠯᠭ᠎ᠠ ᠭᠠᠷᠭᠠᠵᠤ᠂ ᠴᠠᠭ ᠦᠶ᠎ᠡ ᠠᠴᠠ ᠣᠯᠭᠤᠭᠰᠠᠨ ᠬᠠᠷᠢᠭᠤᠴᠠᠯᠭ᠎ᠠ ᠶᠢ ᠡᠭᠦᠷᠭᠡᠯᠡᠵᠦ᠂ ᠠᠭᠤᠤ ᠶᠡᠭᠡ ᠬᠦᠰᠡᠯ ᠵᠡᠭᠦᠳᠦ ᠪᠠᠨ ᠴᠢᠷᠮᠠᠶᠢᠨ ᠪᠡᠶᠡᠯᠡᠭᠦᠯᠵᠦ᠂  ᠹᠧᠩᠵᠧᠨ ᠤ ᠠᠬᠠᠰ ᠵᠠᠬᠠᠰ ᠨᠤᠲᠤᠭ ᠤᠨ ᠠᠬ᠎ᠠ ᠳᠡᠭᠦᠤ ᠨᠡᠷ ᠲᠤ ᠨᠠᠩ ᠰᠢᠯᠢᠳᠡᠭ ᠰᠢᠨ᠎ᠡ ᠬᠠᠷᠢᠭᠤᠯᠳᠠ ᠶᠢᠨ ᠬᠠᠭᠤᠳᠠᠰᠤ ᠶᠢ ᠲᠤᠰᠢᠶᠠᠨ᠎ᠠ᠃    ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠳᠤ ︽ᠡᠭᠦᠯᠡᠨ ᠳᠠᠷᠪᠠᠭᠤᠯ ᠢ ᠰᠢᠭᠤᠳ ᠡᠯᠭᠦᠨ ᠳᠠᠯᠠᠢ ᠲᠠᠩᠭᠢᠰ ᠢ ᠲᠤᠰᠠᠯᠠᠬᠤ︾ ᠠᠤᠭ᠎ᠠ ᠵᠣᠷᠢᠭ ᠪᠠᠶᠢᠬᠤ ᠬᠡᠷᠡᠭᠲᠡᠢ᠃ 10 ᠰᠠᠷ᠎ᠠ ᠶᠢᠨ 1 ᠤ ᠡᠳᠦᠷ᠂ ᠶᠡᠷᠦᠩᠬᠡᠶ ᠱᠦᠵᠢ ᠰᠢ ᠶᠢᠨ ᠫᠢᠩ ᠲᠢᠶᠠᠨ ᠠᠨ ᠮᠧᠨ ᠠᠰᠠᠷ ᠲᠤ᠄ ︽ᠥᠨᠥᠳᠦᠷ ᠨᠡᠶᠢᠭᠡᠮ ᠵᠢᠷᠤᠮᠲᠤ ᠳᠤᠮᠳᠠᠳᠤ ᠤᠯᠤᠰ ᠲᠡᠯᠡᠬᠡᠢ ᠶᠢᠨ ᠳᠣᠷᠣᠨᠠᠳᠠᠬᠢᠨ ᠳᠤ ᠰᠡᠬᠦ᠋ᠢᠨ ᠰᠦᠨᠳᠡᠷᠯᠡᠵᠦ ᠪᠠᠶᠢᠨ᠎ᠠ᠃ ᠶᠠᠮᠠᠷᠪᠠ ᠬᠦᠴᠦᠨ ᠭᠡᠳ ᠮᠠᠨ ᠤ ᠠᠭᠤᠤ ᠶᠡᠭᠡ ᠡᠬᠡ ᠣᠷᠣᠨ ᠤ ᠪᠠᠶᠢᠷᠢ ᠰᠠᠭᠤᠷᠢ ᠶᠢ ᠭᠤᠶᠢᠪᠢᠯᠵᠠᠭᠤᠯᠵᠤ ᠴᠢᠳᠠᠬᠤ ᠦᠬᠡᠢ᠂ ᠶᠠᠮᠠᠷᠪᠠ ᠬᠦᠴᠦᠨ ᠭᠡᠳ ᠳᠤᠮᠳᠠᠳᠤ ᠤᠯᠤᠰ ᠤᠨ ᠠᠷᠠᠳ ᠲᠦᠮᠡᠨ ᠪᠠ ᠳᠤᠮᠳᠠᠳᠤ ᠶᠢᠨ ᠦᠨᠳᠦᠰᠦᠲᠡᠨ ᠤ ᠤᠷᠤᠬᠰᠢᠯᠠᠯᠳᠠ ᠶᠢᠨ ᠠᠯᠬᠤᠭ᠎ᠠ ᠶᠢ ᠬᠤᠷᠢᠭᠯᠠᠵᠤ ᠴᠢᠳᠠᠬᠤ ᠦᠭᠡᠢ ᠶᠤᠮ᠃ ᠣᠳᠣᠬᠠᠨ ᠳᠤ ᠥᠷᠢᠰᠥᠯᠳᠦᠭᠡᠨ ᠪᠣᠯᠤᠨ ᠠᠵᠠ ᠲᠣᠬᠢᠶᠠᠯ ᠢ ᠵᠡᠷᠭᠡᠪᠡᠷ ᠴᠢᠬᠤᠯᠠᠴᠢᠯᠠᠵᠤ᠂ ᠬᠠᠷᠢᠭᠤᠴᠠᠯᠭ᠎ᠠ ᠪᠣᠯᠤᠨ ᠡᠭᠦᠷᠭᠡ ᠶᠢ ᠬᠠᠮᠲᠤᠪᠠᠷ ᠠᠬᠢᠭᠤᠯᠵᠦ ᠪᠠᠶᠢᠪᠠᠴᠦ᠂ ᠵᠠᠷᠢᠮ ᠨᠥᠬᠦᠳ ᠵᠣᠷᠢᠭᠲᠠᠶ ᠪᠠᠷ ᠲᠦᠷᠦᠭᠦᠯᠡᠵᠦ᠂ ᠵᠣᠷᠢᠭᠲᠠᠶ ᠪᠠᠷ ᠰᠢᠪᠲᠤᠯᠤᠯᠲᠠ ᠬᠢᠬᠦ ᠰᠥᠰᠥ ᠵᠣᠷᠢᠭ ᠪᠠ ᠵᠣᠷᠢᠭᠲᠠᠶ ᠪᠠᠷ ᠤᠷᠤᠭᠰᠢᠯᠠᠨ ᠲᠠᠪᠰᠢᠬᠤ᠂ ᠵᠠᠮ ᠨᠡᠭᠡᠭᠡᠨ ᠰᠢᠨ᠎ᠡ ᠶᠢ ᠡᠭᠦᠳᠬᠦ ᠴᠢᠳᠠᠪᠤᠷᠢ ᠪᠠᠷ ᠳᠤᠲᠠᠮᠠᠭ ᠪᠠᠶᠢᠨ᠎ᠠ ᠃ ᠦᠨᠳᠦᠰᠦᠨ ᠱᠠᠲᠤᠨ ᠤ ᠨᠠᠮ ᠵᠠᠰᠠᠭ ᠤᠨ ᠤᠳᠤᠷᠢᠳᠤᠯᠭ᠎ᠠ ᠪᠣᠯᠤᠭᠰᠠᠨ ᠤ ᠬᠤᠪᠢ ᠳᠤ᠂ ᠡᠷᠬᠡᠪᠰᠢ ᠰᠢᠨ᠎ᠡ ᠦᠵᠡᠯ ᠰᠠᠨᠠᠭ᠎ᠠ ᠰᠢᠨ᠎ᠡ ᠪᠠᠶᠢᠷᠢᠯᠠᠭᠤᠯᠤᠯᠲᠠ ᠰᠢᠨ᠎ᠡ ᠠᠷᠭ᠎ᠠ ᠪᠤᠳᠤᠯᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠬᠦ᠂ ᠴᠢᠳᠠᠮᠠᠭᠠᠶ ᠪᠠᠷ ᠰᠤᠷᠴᠤ ᠴᠢᠳᠠᠮᠠᠭᠠᠶ ᠪᠠᠷ ᠪᠦᠲᠦᠭᠡᠬᠦ᠂ ᠴᠢᠳᠠᠮᠠᠭᠠᠶ ᠪᠠᠷ ᠬᠢᠵᠦ ᠰᠠᠶᠢᠨ ᠬᠢᠬᠦ ᠶᠢ ᠪᠠᠷᠢᠮᠲᠠᠯᠠᠵᠤ᠂ ᠦᠯᠢᠭᠡᠷ ᠳᠠᠭᠤᠷᠢᠶᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠬᠤ ᠬᠡᠷᠡᠭᠲᠡᠶ︔ ᠪᠠᠶᠢᠷᠢ ᠲᠠᠢ ᠪᠥᠭᠡᠳ ᠠᠮᠵᠢᠯᠲᠠ ᠲᠠᠢ ᠪᠠᠶᠢᠬᠤ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠤᠨ ᠲᠥᠯᠥᠭᠡ ᠬᠠᠷᠢᠭᠤᠴᠠᠯᠭ᠎ᠠ ᠡᠭᠦᠷᠭᠡᠯᠡᠨ᠂ ᠠᠵᠢᠯ ᠬᠢᠵᠦ ᠦᠢᠯᠡᠰ ᠪᠣᠰᠬᠠᠬᠤ ᠰᠢᠨ᠎ᠡ ᠥᠷᠯᠥᠭ ᠬᠥᠰᠢᠶ᠎ᠡ ᠶᠢ ᠰᠡᠶᠢᠯᠵᠦ᠂ ᠨᠠᠮᠴᠢ ᠴᠢᠨᠠᠷ ᠢ ᠵᠠᠯᠭᠠᠮᠵᠢᠯᠠᠨ ᠪᠡᠶ᠎ᠡ ᠪᠠᠨ ᠴᠢᠩᠭ᠎ᠠ ᠵᠠᠰᠠᠵᠤ᠂ ᠪᠡᠶ᠎ᠡ ᠪᠠᠨ ᠴᠢᠩᠭ᠎ᠠ  ᠪᠠᠷᠢᠮᠳᠠᠯᠠᠬᠤ ᠬᠡᠷᠡᠭᠲᠡᠶ᠃ ᠭᠤᠸ᠎ᠠ ᠰᠠᠶᠢᠬᠠᠨ ᠢ ᠦᠯᠦ ᠲᠣᠭᠤᠮᠰᠠᠷᠯᠠᠨ ᠪᠠᠷᠠᠭᠤᠨ ᠵᠦᠭ ᠢ ᠦᠯᠦ ᠲᠣᠭᠤᠮᠰᠠᠷᠯᠠᠨ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ᠂ ᠬᠡᠵᠢᠶᠡᠳᠡ ᠬᠤᠶᠢᠷᠭᠤᠰᠢᠬᠤ ᠦᠭᠡᠢ ᠣᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠵᠣᠷᠢᠭᠲᠠᠶ ᠬᠢᠵᠦ ᠵᠣᠷᠢᠭᠲᠠᠶ ᠠᠵᠢᠯᠯᠠᠬᠤ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠢ ᠪᠠᠶᠢᠳᠠᠯ ᠢᠶᠠᠨ ᠢᠮᠠᠭᠲᠠ ᠪᠠᠷᠢᠮᠲᠠᠯᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠢ ᠡᠷᠡᠰ ᠪᠦᠯᠬᠦᠮᠳᠡᠭᠦᠯᠦᠨ ᠳᠠᠶᠢᠴᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠤᠨ᠎ᠠ᠃ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠳᠤ ᠡᠷᠬᠡᠪᠰᠢ ᠬᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠬᠤ ᠬᠡᠷᠡᠭᠲᠡᠢ᠃ ᠰᠢᠨ᠎ᠡ ᠴᠠᠭ ᠦᠶ᠎ᠡ ᠳᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠳᠤ ᠰᠢᠨ᠎ᠡ ᠱᠠᠭᠠᠷᠳᠠᠯᠭ᠎ᠠ ᠳᠤᠷᠠᠳᠴᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠡᠷᠬᠡᠪᠰᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠤ  ᠦᠢᠯᠡᠴᠢᠯᠡᠬᠦ ᠦᠨᠳᠦᠰᠦᠨ ᠵᠣᠷᠢᠯᠲᠠ ᠶᠢ ᠪᠠᠲᠤ ᠴᠡᠭᠡᠵᠢᠯᠡᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠣᠳᠠᠲᠠᠶ ᠨᠠᠶᠢᠳᠠᠪᠤᠷᠢᠵᠢᠭᠤᠯᠬᠤ ᠬᠡᠷᠡᠭᠲᠡᠶ᠃ ᠣᠯᠠᠨ ᠲᠦᠮᠡᠨ ᠤ ᠦᠨᠡᠨ ᠪᠣᠳᠠᠲᠠᠶ ᠠᠰᠢᠭ ᠲᠤᠰᠠ ᠳᠤ ᠬᠤᠯᠪᠣᠭᠳᠠᠬᠤ ᠤᠴᠢᠷ ᠶᠠᠪᠤᠳᠠᠯ ᠢ ᠰᠠᠶᠢᠲᠤᠷ ᠬᠢᠵᠦ ᠪᠣᠳᠠᠲᠠᠶ ᠬᠢᠵᠦ᠂ ᠨᠠᠮ ᠪᠣᠯᠤᠨ ᠠᠷᠠᠳ ᠲᠦᠮᠡᠨ ᠤ ᠬᠤᠭᠤᠷᠣᠨᠳᠣᠬᠢ ᠴᠢᠰᠤ ᠮᠢᠬᠠᠨ ᠤ ᠬᠠᠷᠢᠴᠠᠭ᠎ᠠ ᠶᠢ ᠲᠠᠰᠤᠷᠠᠯᠲᠠ ᠦᠭᠡᠢ ᠨᠢᠬᠳᠠᠷᠠᠭᠤᠯᠵᠦ᠂ ︽ᠠᠷᠠᠳ ᠲᠦᠮᠡᠨ ᠬᠦᠰᠡᠯ ᠱᠠᠭᠠᠷᠳᠠᠯᠭ᠎ᠠ ᠪᠠᠶᠢᠪᠠᠯ᠂ ᠪᠢ ᠬᠠᠷᠢᠭᠤ ᠲᠤᠰᠬᠠᠯ ᠪᠤᠢ᠂ ᠠᠷᠠᠳ ᠲᠦᠮᠡᠨ ᠬᠦᠰᠡᠯ ᠡᠷᠡᠮᠡᠯᠵᠡᠯ  ᠪᠠᠶᠢᠪᠠᠯ᠂ ᠪᠢ ᠵᠢᠳᠬᠦᠯ ᠴᠢᠷᠮᠠᠶᠢᠯᠭ᠎ᠠ ᠪᠤᠢ︾᠃ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠬᠰᠠᠨ ᠰᠠᠨᠠᠯ ᠲᠠᠢ ᠪᠠᠨ ᠤᠶᠠᠯᠳᠤᠭᠤᠯᠤᠨ ᠴᠡᠭᠴᠡᠯᠡᠨ ᠰᠠᠶᠢᠵᠢᠷᠠᠭᠤᠯᠵᠤ᠂ ᠦᠨᠡᠨ ᠠᠴᠠ ᠵᠥᠪ ᠢ ᠡᠷᠢᠵᠦ ᠠᠵᠢᠯ ᠤᠨ ᠰᠤ‌‍ᠷᠲᠠᠯ ᠢᠶᠠᠨ ᠬᠤᠪᠢᠷᠠᠭᠤᠯᠵᠤ᠂ ᠠᠵᠢᠯ ᠢᠶᠠᠨ ᠦᠨᠡᠨ ᠬᠦ ᠠᠳᠬᠤᠵᠤ᠂ ᠵᠠᠰᠠᠭ ᠤᠨ ᠠᠵᠢᠯ ᠤᠨ ᠪᠦᠲᠦᠮᠵᠢ ᠶᠢ ᠦᠨᠡᠨ ᠬᠦ ᠡᠭᠦᠳᠬᠦ ᠬᠡᠷᠡᠭᠲᠡᠶ︔ ᠦᠨᠳᠦᠰᠦᠨ ᠱᠠᠲᠤᠨ ᠳᠤ ᠭᠦᠨᠵᠡᠭᠡᠶᠢᠷᠡᠨ ᠦᠨᠡᠨ ᠪᠣᠳᠠᠲᠠᠶ ᠪᠠᠷ ᠰᠤᠳᠤᠯᠵᠤ᠂ ᠦᠨᠡᠨ ᠪᠣᠳᠠᠲᠠᠶ ᠪᠠᠷ ᠠᠰᠠᠭᠤᠵᠤ᠂ ᠰᠡᠵᠢᠭᠯᠡᠯ ᠢ ᠨᠢ ᠬᠠᠷᠢᠭᠤᠯᠵᠤ᠂ ᠵᠥᠷᠢᠴᠡᠯ ᠠᠰᠠᠭᠤᠳᠠᠯ ᠣᠯᠠᠨ᠂ ᠣᠯᠠᠨ ᠲᠦᠮᠡᠨ ᠤ ᠰᠠᠨᠠᠯ ᠶᠡᠭᠡ ᠭᠠᠵᠠᠷ ᠬᠦᠷᠴᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ  ᠶᠢ ᠰᠣᠨᠣᠰᠴᠤ᠂ ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠬᠦ ᠲᠦᠷᠢ ᠲᠥᠷᠬᠦ ᠪᠠᠷ ᠠᠷᠠᠳ ᠲᠦᠮᠡᠨ ᠤ ᠢᠲᠡᠭᠡᠯ ᠢ ᠣᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠳᠤᠬᠢᠴᠢᠯᠠᠬᠰᠠᠨ ᠬᠦᠴᠦᠷᠬᠡᠭ ᠤᠯᠤᠰ ᠢ ᠲᠦᠷᠭᠡᠳᠬᠡᠨ ᠠᠬᠢᠭᠤᠯᠬᠤ ᠳᠤ ︽ᠡᠴᠦᠰ ᠤᠨ ᠨᠢᠭᠡ ᠺᠢᠯᠤᠮᠧᠲᠷ︾ ᠤᠨ ᠲᠥᠯᠥᠭᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠨ᠎ᠠ᠃    ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠳᠤ ᠡᠷᠬᠡᠪᠰᠢ ︽ᠳᠡᠭᠡᠳᠦ ᠳᠤᠤᠷᠠᠳᠦ ᠱᠠᠳᠤ ᠪᠠᠷ ᠢᠶᠠᠨ ᠬᠠᠶᠢᠨ ᠰᠦᠪᠡᠭᠴᠢᠯᠡᠬᠦ︾ ᠡᠷᠡᠰ ᠵᠣᠷᠢᠭ ᠪᠠᠶᠢᠬᠤ ᠬᠡᠷᠡᠭᠲᠡᠢ᠃ ᠬᠤᠭᠤᠰᠣᠨ ᠶᠠᠷᠢᠬᠤ ᠨᠢ ᠤᠯᠤᠰ ᠣᠷᠣᠨ ᠢ ᠬᠠᠷᠰᠢᠯᠠᠨ᠎ᠠ᠂ ᠦᠨᠡᠨ ᠪᠣᠳᠠᠲᠠᠢ ᠠᠵᠢᠯᠯᠠᠪᠠᠯ ᠰᠠᠶ᠋ᠢ ᠤᠯᠤᠰ ᠣᠷᠣᠨ ᠮᠠᠨᠳᠤᠵᠦ ᠴᠢᠳᠠᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠵᠦ᠂ ᠹᠧᠩᠵᠧᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠨᠢ ᠲᠡᠶᠢᠮᠦ ᠬᠢᠯᠪᠠᠷ ᠶᠠᠪᠤᠳᠠᠯ ᠪᠢᠰᠢ ᠶᠤᠮ᠂ ᠪᠠᠰᠠ ᠴᠥᠭᠡᠨ ᠪᠤᠰᠤ ᠬᠠᠲᠠᠭᠤ ᠪᠡᠷᠬᠡ ᠬᠠᠲᠠᠭᠤ ᠡᠭᠦᠷᠭᠡ᠂ ᠰᠢᠢᠳᠪᠦᠷᠢᠯᠡᠬᠦ ᠳᠤ ᠬᠦᠴᠢᠷ ᠪᠡᠷᠬᠡ ᠠᠰᠠᠭᠤᠳᠠᠯ ᠳᠤ ᠲᠤᠯᠭᠠᠷᠠᠵᠤ ᠪᠠᠶᠢᠨ᠎ᠠ᠃ ᠵᠢᠱᠢᠶᠡᠯᠡᠪᠡᠯ᠄ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ︔ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ᠂ ᠪᠦᠲᠦᠴᠡ ᠶᠢᠨ ᠲᠡᠰ ᠳᠡᠪᠰᠢᠬᠦ ᠶᠢ ᠠᠬᠢᠭᠤᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ︔ ᠠᠵᠤ ᠠᠬᠤᠶ ᠶᠢᠨ ᠬᠦᠷᠢᠶᠡᠨ ᠳᠠᠬᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠨᠡᠶᠢᠭᠡᠮ ᠤᠨ ᠬᠦᠷᠢᠶᠡᠨ ᠤ ᠥᠭᠡᠷᠡᠴᠢᠯᠡᠯᠲᠡ ᠳᠤ ᠲᠥᠪ ᠭᠤᠤᠯᠴᠢ ᠰᠢᠳᠤᠷᠭᠤ ᠶᠣᠰᠣ ᠶᠢ ᠬᠦᠢᠴᠡᠳ ᠬᠠᠷᠠᠭᠤᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠳᠤᠮᠳᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠱᠠᠭᠠᠷᠳᠠᠯᠭ᠎ᠠ ᠶᠢ ᠨᠡᠩ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ︔ ᠨᠡᠭᠡᠭᠡᠯᠲᠡᠲᠦ ᠰᠡᠳᠬᠢᠬᠦᠢ ᠪᠠᠨ ᠴᠢᠩᠭᠠᠳᠬᠠᠵᠤ᠂ ᠨᠠᠩ ᠶᠡᠭᠡ ᠬᠡᠪᠴᠢᠶᠡᠨ ᠳᠤ ᠡᠬᠢ ᠪᠠᠶᠠᠯᠢᠭ ᠢ ᠲᠣᠬᠢᠷᠠᠭᠤᠯᠵᠤ᠂ ᠨᠡᠩ ᠥᠨᠳᠥᠷ ᠲᠡᠰ ᠳᠠᠪᠬᠤᠷᠭ᠎ᠠ ᠶᠢᠨ ᠨᠡᠭᠡᠭᠡᠯᠳᠠ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠵᠡᠷᠭᠡ ᠨᠢ ᠮᠠᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠤ ᠱᠠᠭᠠᠷᠳᠠᠭᠳᠠᠨ᠎ᠠ᠃ ᠬᠠᠳᠠ ᠴᠢᠯᠠᠭᠤ ᠮᠡᠲᠦ ᠪᠠᠲᠤ ᠢᠲᠡᠭᠡᠯ ᠲᠠᠢ᠂ ᠥᠷᠯᠥᠭᠡ ᠦᠳᠡᠰᠢ ᠶᠢ ᠲᠡᠮᠡᠴᠡᠬᠦ ᠡᠷᠴᠢ ᠵᠣᠷᠢᠭ ᠪᠠ ᠰᠢᠨᠲᠠᠷᠠᠰᠢ ᠦᠭᠡᠢ ᠬᠠᠳᠠᠨ ᠵᠣᠷᠢᠭ ᠢᠶᠠᠷ᠂ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠬᠦᠴᠦᠯᠡᠨ ᠴᠢᠷᠮᠠᠶᠢᠵᠤ ᠵᠢᠳᠬᠦᠯ ᠴᠢᠷᠮᠠᠶᠢᠯᠭ᠎ᠠ ᠭᠠᠷᠭᠠᠵᠦ᠂ ᠨᠢᠭᠡ ᠬᠠᠭᠤᠳᠠᠰᠤ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠵᠤ᠂ ᠬᠠᠨᠴᠤᠢ ᠰᠢᠮᠠᠯᠠᠨ ᠴᠢᠷᠮᠠᠶᠢᠨ ᠠᠵᠢᠯᠯᠠᠵᠤ᠂ ᠬᠤᠶᠢᠨ᠎ᠠ ᠬᠤᠶᠢᠨ᠎ᠠ ᠠᠴᠠ ᠪᠠᠨ ᠵᠠᠯᠭᠠᠨ ᠠᠵᠢᠯᠯᠠᠵᠤ᠂ ᠨᠡᠩ ᠤᠮᠤᠬᠰᠢᠮ᠎ᠠ ᠠᠮᠵᠢᠯᠲᠠ ᠪᠦᠲᠦᠮᠵᠢ ᠪᠠᠷ ᠹᠧᠩᠵᠧᠨ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠡᠷᠲᠡᠬᠡᠨ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃    ᠰᠤᠷᠪᠤᠯᠵᠢᠯᠠᠭᠴᠢ᠄ ᠶᠡᠭᠡ ᠰᠠᠶᠢᠨ ᠪᠤᠯᠤᠯ᠎ᠠ᠂ ᠸᠠᠩ ᠬᠤᠲᠠ ᠶᠢᠨ ᠳᠠᠷᠤᠭ᠎ᠠ ᠪᠢᠳᠡᠨ ᠤ ᠰᠤᠷᠪᠤᠯᠵᠢᠯᠠᠭ᠎ᠠ ᠶᠢ ᠬᠦᠯᠢᠶᠡᠭᠰᠡᠨ ᠳᠤ ᠲᠠᠯᠠᠷᠬᠠᠵᠤ ᠪᠠᠶᠢᠨ᠎ᠠ᠂ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠪᠡ᠂ ᠰᠦᠯᠵᠢᠶᠡᠨ ᠠᠨᠳᠠ ᠨᠠᠷ ᠲᠠᠷᠠᠭᠠᠴᠢ ᠪᠠᠷ ᠳᠠᠬᠢᠨ ᠠᠭᠤᠯᠵᠠᠶ᠎ᠠ︕                          ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3