| ᠲᠦᠷᠦᠭᠦᠬᠡᠨ᠂ ᠹᠧᠩᠵᠧᠨ ᠬᠤᠲᠠ ᠶᠢᠨ ᠬᠤᠸᠠ ᠰᠢᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ | ᠺᠣᠮᠫᠠᠨᠢ ᠶᠢᠨ ᠵᠢᠯ ᠳᠤ 80 ᠲᠦᠮᠡᠨ ᠲᠣᠨ ᠲᠡᠮᠦᠷ ᠤᠨ ᠬᠠᠶᠢᠯᠤᠰᠢ ᠦᠢᠯᠡᠳᠪᠦᠷᠢᠯᠡᠬᠦ ᠲᠥᠷᠥᠯ ᠵᠦᠢᠯ ᠠᠵᠢᠯ ᠢᠶᠠᠨ | ᠡᠬᠢᠯᠡᠭᠦᠯᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠣᠪᠴᠢᠶᠠᠨ ᠤ ᠳᠠᠷᠤᠭ᠎ᠠ ᠸᠠᠩ ᠳ᠋ᠦᠩ | ᠯᠢ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠭᠦᠸᠧ ᠬᠤᠩ ᠭᠤᠸᠠᠩ᠂ ᠹᠯᠣᠷᠲᠤ ᠠᠵᠤ | ᠦᠢᠯᠡᠳᠪᠦᠷᠢ ᠶᠢᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠹᠦ᠋ ᠵᠢᠶᠦ᠋ᠨ ᠸᠧᠨ ᠲᠥᠷᠥᠯ | ᠵᠦᠢᠯ ᠤᠨ ᠠᠵᠢᠯ ᠡᠬᠢᠯᠡᠭᠰᠡᠨ ᠲᠤᠬᠠᠶ ᠶᠢᠨ ᠲᠠᠯᠠᠪᠠᠢ ᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠲᠦᠯᠦᠪᠵᠢᠬᠦᠯᠭᠡ᠂ ᠪᠠᠷᠢᠯᠭ᠎ᠠ ᠪᠠᠷᠢᠬᠤ ᠵᠣᠬᠢᠶᠠᠨ ᠪᠠᠶᠢᠭᠤᠯᠤᠯᠲᠠ ᠵᠡᠷᠭᠡ ᠪᠠᠶᠢᠳᠠᠯ ᠢ ᠣᠶᠢᠯᠠᠭᠠᠪᠠ᠃ | ᠲᠣᠰ ᠲᠥᠷᠥᠯ ᠵᠦᠢᠯ ᠤᠨ ᠲᠥᠯᠥᠪᠵᠢᠭᠦᠯᠭᠡ ᠶᠢᠨ ᠬᠡᠷᠡᠭᠯᠡᠬᠦ ᠭᠠᠵᠠᠷ 400 ᠮᠦ ᠳᠤ ᠬᠦᠷᠴᠦ᠂ ᠶᠡᠷᠦᠩᠬᠡᠶ | ᠪᠡᠯᠡ ᠤᠷᠤᠭᠤᠯᠤᠯᠳᠠ ᠨᠢ 8 ᠳ᠋ᠦᠩᠰᠢᠭᠤᠷ ᠲᠥᠭᠦᠷᠢᠭ ᠲᠤ ᠬᠦᠷᠴᠦ᠂ ᠨᠢᠭᠡᠳᠦᠭᠡᠷ ᠬᠤᠭᠤᠴᠠᠭᠠᠨ ᠤ | ᠢᠨᠵᠧᠨᠧᠷᠢᠩ ᠤᠨ ᠪᠡᠯᠡ ᠣᠷᠣᠭᠤᠯᠤᠯᠲᠠ 47671.27 ᠲᠦᠮᠡᠨ ᠲᠥᠭᠦᠷᠢᠭ᠂ ᠡᠭᠦᠨ ᠳᠤ ᠲᠤᠬᠳᠠᠮᠠᠯ | ᠬᠥᠷᠥᠩᠭᠡ ᠶᠢᠨ ᠪᠡᠯᠡ ᠣᠷᠣᠭᠤᠯᠤᠯᠲᠠ 40097.17 ᠲᠦᠮᠡᠨ ᠲᠥᠭᠦᠷᠢᠭ᠃ 42000 ᠺᠢᠯᠣᠸᠠᠲ ᠤᠨ ᠠᠮᠤᠷ | ᠲᠦᠪᠰᠢᠨ ᠨᠢᠭᠲᠠ ᠪᠢᠲᠡᠭᠦᠮᠵᠢᠯᠡᠭᠰᠡᠨ ᠥᠨᠳᠥᠷ ᠨᠡᠭᠦᠷᠡᠰᠦᠲᠥ᠋ᠷᠥᠭᠴᠢᠲᠦ ᠾᠷᠣᠮ ᠲᠡᠮᠦᠷ ᠤᠨ ᠬᠦᠳᠡᠷ ᠤᠨ | ᠢᠯᠴᠢ ᠶᠢᠨ ᠵᠤᠤᠬ᠎ᠠ ᠶᠢ 2 ᠰᠠᠭᠤᠷᠢ ᠪᠦᠲᠦᠭᠡᠨ ᠪᠠᠶᠢᠭᠤᠯᠵᠤ᠂ ᠵᠢᠯ ᠤᠨ ᠦᠢᠯᠡᠳᠪᠦᠷᠢᠯᠡᠬᠦ ᠴᠢᠳᠠᠪᠤᠷᠢ ᠨᠢ 18 | ᠲᠦᠮᠡᠨ ᠲᠣᠨ᠂ 42000 ᠺᠢᠯᠣᠸᠠᠲ ᠤᠨ ᠠᠶᠤᠯ ᠦᠭᠡᠶ ᠪᠢᠲᠡᠭᠦᠤ ᠮᠠᠩᠭᠠᠨ ᠴᠠᠬᠢᠭᠤᠷ ᠤᠨ ᠬᠠᠶᠢᠯᠤᠰᠢ ᠶᠢᠨ | ᠬᠦᠳᠡᠷ ᠤᠨ ᠬᠠᠯᠠᠭᠤᠨ ᠵᠤᠤᠬ᠎ᠠ ᠶᠢ 2 ᠰᠠᠭᠤᠷᠢ ᠪᠦᠲᠦᠭᠡᠨ ᠪᠠᠶᠢᠭᠤᠯᠵᠤ᠂ ᠵᠢᠯ ᠤᠨ ᠦᠢᠯᠡᠳᠪᠦᠷᠢᠯᠡᠬᠦ ᠴᠢᠳᠠᠪᠤᠷᠢ ᠨᠢ | 13 ᠲᠦᠮᠡᠨ ᠲᠣᠨ ᠪᠣᠯᠤᠨ᠎ᠠ᠃ | ᠹᠧᠩᠵᠧᠨ ᠬᠤᠲᠠ ᠶᠢᠨ ᠬᠤᠸᠠ ᠰᠢᠩ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠪᠣᠯ ︵ | ᠰᠧᠴᠤᠸᠠᠨ︶ ᠢ ᠾᠦᠢ ᠪᠦᠯᠦᠭᠯᠡᠯ ᠤᠨ ᠳᠣᠣᠷᠠᠬᠢ ᠪᠦᠷᠢᠨ ᠪᠡᠯᠡᠳᠤ ᠬᠤᠪᠢᠶᠠᠷᠢ ᠺᠣᠮᠫᠠᠨᠢ ᠪᠤᠯᠬᠤ ᠮᠦᠷᠳᠡᠭᠡᠨ | ᠨᠢᠬᠡᠨ ᠲᠣᠮᠣ ᠬᠡᠯᠪᠡᠷᠢ ᠶᠢᠨ ᠲᠡᠮᠦᠷ ᠤᠨ ᠬᠠᠶᠢᠯᠤᠰᠢ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ᠎ᠠ᠃ ᠲᠣᠰ | ᠲᠥᠷᠥᠯ ᠤᠨ ᠪᠥᠲᠥᠭᠡᠨ ᠪᠠᠶᠢᠭᠤᠯᠤᠯᠲᠠ ᠨᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠪᠴᠢᠶ᠎ᠡ ᠶᠢ ᠤᠯᠠᠮ | ᠨᠢᠬᠡ ᠠᠯᠬᠤᠮ ᠥᠷᠭᠡᠳᠬᠡᠵᠦ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠂ ᠲᠠᠪᠠᠯᠳᠠᠳᠤ ᠬᠥᠭᠵᠢᠯᠲᠡ ᠶᠢ | ᠪᠡᠶᠡᠯᠡᠬᠦᠯᠬᠦ ᠪᠣᠯᠤᠨ᠎ᠠ᠃ | ᠤᠷᠴᠢᠭᠤᠯᠤᠬᠴᠢ᠄ ᠼᠦᠢ ᠶᠢᠩ |