| 5 ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ | ᠬᠠᠶ ᠮᠠ ᠴᠢᠶᠣᠤ ᠵᠡᠭᠡᠯᠢ ᠶᠢᠨ ᠨᠣᠭᠤᠭ᠎ᠠ ᠶᠢᠨ ᠵᠠᠬ᠎ᠠ ᠳᠡᠯᠭᠡᠭᠦᠷ ᠲᠤ ᠭᠦᠨᠵᠡᠭᠡᠶᠢᠷᠡᠨ ︽ᠪᠤᠯᠪᠠᠰᠤᠨ ᠬᠤᠳᠠ ᠶᠢ ᠡᠭᠦᠳᠭᠦ︾ | ᠠᠵᠢᠯ ᠢ ᠰᠢᠮᠳᠠᠭᠤᠯᠤᠨ ᠵᠢᠯᠣᠭᠤᠳᠴᠤ ᠪᠠᠶᠢᠴᠠᠭᠠᠨ ᠰᠤᠳᠤᠯᠪᠠ᠃ | | ᠸᠠᠩ ᠵᠧᠨ ᠬᠠᠢ ᠵᠠᠮ ᠲᠠᠭᠠᠤ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠷᠦᠬᠡ ᠲᠠᠢ ᠪᠠᠶᠢᠨ ᠪᠠᠶᠢᠨ ᠳᠣᠲᠣᠨᠣ ᠪᠠᠷ | ᠶᠠᠷᠢᠯᠴᠠᠵᠤ᠂ ᠨᠠᠷᠢᠨ ᠪᠠᠶᠢᠳᠠᠯ ᠢ ᠯᠠᠪᠯᠠᠨ ᠠᠰᠠᠭᠤᠵᠤ᠂ ᠰᠠᠨᠠᠭᠤᠯᠭ᠎ᠠ ᠶᠢ ᠰᠤᠨᠤᠰᠪᠠ᠃ ᠸᠠᠩ ᠵᠧᠨ ᠬᠠᠢ᠄ ︽︿ᠪᠤᠯᠪᠠᠰᠤᠨ | ᠬᠤᠳᠠ ᠶᠢ ᠡᠭᠦᠳᠭᠦ﹀ ᠵᠣᠷᠢᠯᠲᠠ ᠪᠣᠯ ᠠᠷᠠᠳ ᠤᠨ ᠲᠥᠯᠥᠭᠡ᠂ ᠠᠷᠠᠳ ᠲᠤ ᠠᠰᠢᠭ ᠬᠦᠷᠲᠡᠭᠡᠬᠦ ᠶᠠᠪᠤᠳᠠᠯ ᠪᠣᠯᠤᠨ᠎ᠠ᠂ ᠨᠢᠭᠡ | ᠪᠤᠯᠪᠠᠰᠤᠨ ᠬᠤᠲᠠ ᠶᠢ ᠴᠤᠬᠴᠠᠯᠠᠬᠤ ᠳᠤ ᠨᠢᠭᠤᠷ ᠲᠠᠯ᠎ᠠ ᠶᠢ ᠡᠷᠬᠢᠮᠯᠡᠬᠦ ᠮᠥᠷᠲᠡᠭᠡᠨ ᠴᠢᠨᠠᠷ ᠴᠢᠨᠰᠠᠭ᠎ᠠ ᠶᠢ ᠨᠡᠩ ᠴᠦ | ᠴᠢᠬᠤᠯᠠᠴᠢᠯᠠᠬᠤ ᠬᠡᠷᠡᠭᠲᠡᠶ᠂ ᠵᠡᠭᠡᠯᠢ ᠶᠢᠨ ᠠᠷᠤ ᠲᠠᠯ᠎ᠠ ᠶᠢᠨ ᠵᠢᠵᠢᠭ ᠭᠤᠳᠤᠮᠵᠢ ᠨᠢ ᠬᠡᠳᠦ᠋ᠢᠪᠡᠷ ︿ᠪᠤᠶᠢᠳᠠ﹀ ︿ᠪᠠᠭ᠎ᠠ﹀ | ᠪᠣᠯᠪᠠᠴᠤ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠲᠥᠷᠥᠭᠳᠡᠯ ᠲᠠᠢ ᠰᠢᠭᠤᠳ | ᠬᠤᠯᠪᠣᠭᠳᠠᠵᠤ ᠪᠠᠶᠢᠳᠠᠭ᠃ ᠳᠣᠲᠣᠷ᠎ᠠ ᠭᠠᠳᠠᠨᠠᠬᠢ ᠣᠷᠴᠢᠨ ᠲᠣᠭᠤᠷᠢᠨ ᠢ ᠪᠦᠷ ᠰᠠᠶᠢᠨ ᠪᠣᠯᠭᠠᠬᠤ ᠪᠠᠷ ᠳᠠᠮᠵᠢᠨ᠂ ᠣᠯᠠᠨ | ᠲᠦᠮᠡᠨ ᠳᠤ ︿ᠪᠤᠯᠪᠠᠰᠤᠨ ᠬᠤᠳᠠ ᠶᠢ ᠡᠭᠦᠳᠭᠦ﹀ ᠠᠴᠠ ᠪᠣᠯᠤᠭᠰᠠᠨ ᠬᠤᠪᠢᠷᠠᠯᠲᠠ ᠶᠢᠨ ᠦᠷ᠎ᠡ ᠪᠦᠳᠦᠭᠡᠯ ᠢ ᠦᠵᠡᠭᠦᠯᠵᠦ᠂ | ᠣᠯᠠᠨ ᠤ ︿ᠪᠤᠯᠪᠠᠰᠤᠨ ᠬᠤᠳᠠ ᠶᠢ ᠡᠭᠦᠳᠭᠦ﹀ ᠳᠤ ᠣᠷᠣᠯᠴᠠᠬᠤ ᠢᠳᠡᠪᠬᠢᠵᠢᠯ ᠢ ᠲᠡᠭᠡᠭᠰᠢᠯᠡᠭᠦᠯᠵᠦ ᠲᠡᠶᠢᠯᠦᠨ᠎ᠡ ︾ ᠭᠡᠪᠡ | ᠃ | | ᠸᠠᠩ ᠵᠧᠨ ᠬᠠᠢ᠄ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠣᠯ ᠮᠠᠨ ᠤ | ᠬᠤᠲᠠ ᠶᠢᠨ ᠶᠡᠷᠦᠩᠬᠡᠶ ᠱᠦᠵᠢ ᠰᠢ ᠶᠢᠨ ᠫᠢᠩ ᠤᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠲᠤᠬᠠᠶ ᠰᠢᠷᠢᠰ | ᠴᠢᠬᠤᠯᠠ ᠥᠭᠦᠯᠡᠯᠲᠡ ᠪᠠ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ | ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠭᠤᠰᠢᠯᠠᠭᠤᠯᠬᠤ ᠪᠣᠳᠠᠲᠠᠶ ᠠᠵᠢᠯᠯᠠᠭ᠎ᠠ | ᠮᠥᠨ᠂ ︽ᠨᠢᠭᠡᠳᠦᠭᠡᠷ ᠭᠠᠷ︾ ᠤᠨ ᠢᠨᠵᠧᠨᠧᠷᠢᠩ ᠮᠥᠨ᠃ ᠮᠦᠨ ᠴᠦ ᠪᠦᠬᠦ ᠬᠤᠲᠠ ᠶᠢᠨ ᠠᠵᠢᠯ ᠬᠢᠵᠦ ᠦᠢᠯᠡᠰ | ᠪᠣᠰᠬᠠᠬᠤ ᠶᠢ ᠠᠬᠢᠭᠤᠯᠬᠤ ᠴᠢᠬᠤᠯᠠ ᠭᠠᠷᠳᠠᠴᠠ ᠪᠠ ᠴᠢᠬᠤᠯᠠ ᠠᠴᠢᠶᠠᠯᠠᠭᠴᠢ ᠮᠦᠨ᠃ ᠡᠯ᠎ᠡ ᠱᠠᠲᠤ ᠡᠯ᠎ᠡ ᠰᠠᠯᠠᠭ᠎ᠠ | ᠮᠥᠴᠢᠷ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠨ | ᠴᠢᠩᠭᠠᠳᠬᠠᠵᠤ᠂ ᠪᠦᠬᠦ ᠨᠡᠶᠢᠭᠡᠮ ᠤᠨ ᠬᠦᠴᠦᠨ ᠢ ᠳᠠᠶᠢᠴᠢᠯᠠᠨ ᠬᠠᠮᠲᠤᠪᠠᠷ ᠣᠷᠣᠯᠴᠠᠭᠤᠯᠵᠤ᠂ ᠪᠦᠬᠦ ᠠᠵᠢᠯᠲᠠᠨ | ᠤᠷᠤᠬᠰᠢᠯᠠᠬᠰᠠᠨ᠂ ᠪᠦᠬᠦ ᠠᠷᠠᠳ ᠢᠶᠠᠷ ᠢᠶᠠᠨ ᠤᠷᠤᠯᠴᠠᠬᠰᠠᠨ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠠᠵᠢᠯ ᠤᠨ | ᠪᠠᠶᠢᠷᠢᠰᠢᠯ ᠢ ᠪᠤᠢ ᠪᠣᠯᠭᠠᠬᠤ ᠬᠡᠷᠡᠭᠲᠡᠶ ᠬᠡᠵᠦ ᠢᠯᠡᠷᠭᠡᠶᠢᠯᠡᠪᠡ᠃ | ᠸᠠᠩ ᠵᠧᠨ ᠬᠠᠢ᠄ 2020 ᠤᠨ ᠤ ᠥᠪᠡᠷᠲᠡᠭᠡᠨ ᠵᠠᠰᠠᠬᠤ ᠣᠷᠣᠨ ᠤ ︽ᠪᠤᠯᠪᠠᠰᠤᠨ ᠬᠤᠳᠠ ᠶᠢ ᠡᠭᠦᠳᠭᠦ︾ ᠪᠠᠷ | ᠭᠤᠤᠯᠳᠠᠭᠤᠯᠤᠨ ᠰᠠᠶᠢᠨ ᠬᠢᠷᠢ ᠪᠦᠲᠦᠮᠵᠢ ᠣᠯᠬᠤ ᠬᠠᠷᠠᠯᠲᠠ ᠶᠢᠨ ᠲᠣᠭᠤᠷᠢᠨ ᠳᠤ ᠪᠠᠷᠢᠮᠵᠢᠶ᠎ᠠ ᠪᠣᠯᠭᠠᠨ ᠬᠠᠷᠭᠤᠭᠤᠯᠵᠤ᠂ | ᠳᠠᠷᠤᠶ ᠲᠦᠷᠭᠡᠨ ᠬᠦᠳᠡᠯᠦᠯᠴᠡᠬᠦ ᠬᠡᠷᠡᠭᠳᠡᠢ᠃ ︽ᠪᠤᠯᠪᠠᠰᠤᠨ ᠬᠤᠳᠠ ᠶᠢ ᠡᠭᠦᠳᠭᠦ︾ ᠶᠢᠨ ᠭᠤᠭᠴᠤᠭ᠎ᠠ ᠨᠢᠭᠡᠪᠦᠷᠢ᠂ | ᠱᠠᠭᠠᠷᠳᠠᠯᠭ᠎ᠠ ᠨᠢᠭᠡᠪᠦᠷᠢ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠦ᠂ ᠮᠤᠬᠤᠷ ᠪᠤᠯᠤᠩ ᠦᠯᠡᠳᠡᠭᠡᠬᠦ ᠦᠭᠡᠢ ᠪᠠᠶᠢᠬᠤ ᠬᠡᠷᠡᠭᠲᠡᠶ᠃ | ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠵᠤ᠂ ᠪᠠᠲᠤᠯᠠᠭ᠎ᠠ ᠶᠢ ᠴᠢᠩᠭᠠᠳᠬᠠᠵᠤ᠂ ᠪᠤᠯᠪᠠᠰᠤᠨ ᠬᠤᠳᠠ ᠶᠢ ᠡᠭᠦᠳᠭᠦ | ᠠᠵᠢᠯ ᠢ ᠠᠬᠢᠭᠤᠯᠬᠤ ᠶᠠᠪᠤᠴᠠ ᠳᠤ ᠠᠰᠠᠭᠤᠳᠠᠯ ᠢ ᠵᠢᠭᠠᠨ ᠭᠠᠷᠭᠠᠵᠤ ᠬᠦᠴᠢᠷ ᠢ ᠲᠤᠯᠵᠤ᠂ ᠡᠯ᠎ᠡ ᠪᠠᠶᠢᠴᠠᠭᠠᠯᠲᠠ ᠶᠢᠨ | ᠴᠢᠭ ᠲᠤ ᠪᠦᠬᠦ ᠲᠠᠯ᠎ᠠ ᠶᠢᠨ ᠬᠢᠨᠠᠨ ᠪᠠᠶᠢᠴᠠᠭᠠᠯᠲᠠ ᠬᠢᠬᠦ ᠬᠡᠷᠡᠭᠲᠡᠶ᠃ ᠡᠭᠦᠨ ᠤ ᠬᠠᠮᠲᠤ ᠪᠡᠯᠡ ᠮᠥᠩᠭᠦ ᠶᠢᠨ ᠣᠷᠣᠭᠤᠯᠤᠯᠲᠠ᠂ | ᠡᠩᠨᠡᠭᠡᠨ ᠤ ᠪᠠᠶᠢᠭᠤᠯᠤᠯᠲᠠ ᠶᠢᠨ ᠲᠠᠯ᠎ᠠ ᠪᠠᠷ ᠲᠡᠮᠵᠢᠯᠭᠡ ᠦᠵᠡᠭᠦᠯᠵᠦ᠂ ︽ᠪᠤᠯᠪᠠᠰᠤᠨ ᠬᠤᠳᠠ ᠶᠢ ᠡᠭᠦᠳᠭᠦ ︾ ᠠᠵᠢᠯ ᠤᠨ | ᠴᠢᠨᠠᠷ ᠴᠢᠨᠰᠠᠭ᠎ᠠ ᠶᠢ ᠶᠡᠬᠡᠪᠡᠷ ᠲᠡᠭᠡᠭᠰᠢᠯᠡᠬᠦᠯᠬᠦ ᠬᠡᠷᠡᠭᠲᠡᠶ ᠬᠡᠵᠦ ᠴᠢᠬᠤᠯᠠᠴᠢᠯᠠᠪᠠ᠃ | ᠵᠣᠬᠢᠶᠠᠭᠴᠢ᠄ ᠸᠠᠩ ᠭᠸᠦ ᠸᠧᠶ | ᠤᠷᠴᠢᠭᠤᠯᠤᠬᠴᠢ᠄ ᠼᠦᠢ ᠶᠢᠩ |