ᠵᠠᠩ ᠵᠢᠶᠦ᠋ᠨ ᠲᠤᠤ ᠨᠠᠷ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-05-26
   ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠦᠨᠳᠦᠰᠦᠨ ᠱᠠᠲᠤᠨ ᠤ ᠣᠯᠠᠨ ᠲᠦᠮᠡᠨ ᠤ ᠡᠪᠡᠳᠴᠢᠨ ᠢ ᠠᠪᠤᠷᠠᠨ ᠵᠠᠰᠠᠬᠤ ᠪᠠ ᠡᠮ ᠡᠮᠨᠡᠯᠭᠡ ᠡᠷᠡᠭᠦᠯ ᠮᠡᠨᠳᠦ ᠶᠢ ᠬᠠᠮᠠᠭᠠᠯᠠᠬᠤ ᠠᠵᠢᠯ ᠤᠨ ᠡᠭᠦᠷᠭᠡ  ᠬᠠᠷᠠᠭᠤᠴᠠᠯᠭ᠎ᠠ ᠶᠢ ᠡᠭᠦᠷᠭᠡᠯᠡᠵᠦ᠂ ᠬᠥᠳᠡᠭᠡ ᠲᠣᠰᠬᠤᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠭᠤᠤᠯ ᠵᠢᠭᠰᠠᠭᠠᠯ ᠤᠨ ᠭᠠᠵᠠᠷ ᠪᠤᠯᠬᠤ ᠮᠦᠷᠳᠡᠭᠡᠨ ᠠᠷᠠᠳ ᠣᠯᠠᠨ ᠤ ᠡᠷᠡᠭᠦᠯ ᠮᠡᠨᠳᠦ ᠶᠢᠨ ᠶᠠᠰᠤ ᠴᠢᠨᠠᠷ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠤᠭ ᠤᠨ ᠡᠮᠦᠨ᠎ᠡ ᠹᠷᠣᠨᠲ ᠮᠥᠨ᠃    5 ᠰᠠᠷ᠎ᠠ ᠶᠢᠨ 19 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ  ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠵᠢᠶᠦ᠋ᠨ ᠲᠤᠤ᠂ ᠳᠡᠳ᠋ ᠡᠷᠬᠢᠯᠡᠭᠴᠢ ᠠᠨ ᠹᠦ᠋ ᠬᠤ᠂ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠬᠦᠯᠡᠭᠴᠢ ᠯᠢ ᠮᠧᠶ ᠯᠢᠨ ᠨᠡᠷ ᠾᠧᠢ ᠲᠤ ᠪᠠᠯᠭᠠᠰᠤᠨ ᠤ ᠱᠧᠤ ᠶᠠᠩ ᠶᠢᠩ ᠲᠣᠰᠬᠤᠨ᠂ ᠯᠢ ᠧ ᠲᠣᠰᠬᠤᠨ᠂ ᠳ᠋ᠢᠶᠠᠨ ᠴᠢᠩ ᠮᠢᠶᠣᠣ ᠶᠢᠨ ᠵᠠᠰᠠᠭ ᠵᠠᠬᠢᠷᠭᠠᠨ ᠤ ᠲᠣᠰᠬᠤᠨ ᠵᠡᠷᠭᠡ ᠭᠠᠵᠠᠷ ᠲᠤ ᠭᠦᠨᠵᠡᠭᠡᠶᠢᠷᠡᠨ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠵᠢᠴᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠲᠤᠬᠠᠶ ᠶᠢᠨ ᠭᠠᠵᠠᠷ ᠲᠤᠨᠢ ᠪᠠᠶᠢᠴᠠᠭᠠᠨ᠂ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠱᠠᠲᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠪᠠᠶᠢᠭᠤᠯᠤᠯᠲᠠ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ ᠠᠵᠢᠯ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠠᠷᠬᠠᠭ ᠡᠪᠡᠳᠴᠢᠨ ᠤ ᠲᠠᠩᠰᠠ ᠲᠠᠶᠢᠯᠬᠤ᠂ ᠭᠡᠷ᠎ᠡ ᠲᠣᠭᠲᠠᠵᠤ ᠡᠮ ᠬᠦᠷᠭᠡᠬᠦ ᠦᠢᠯᠡᠴᠢᠯᠡᠭᠡ ᠵᠢᠴᠢ ᠡᠮ ᠤᠨ  ᠵᠦᠢᠯ ᠤᠨ ᠶᠠᠰᠤ ᠴᠢᠨᠠᠷ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠰᠢᠮᠳᠠᠭᠤᠯᠤᠨ ᠵᠢᠯᠤᠭᠤᠳᠴᠦ  ᠪᠠᠶᠢᠴᠠᠭᠠᠪᠠ᠃    ᠪᠠᠶᠢᠴᠠᠭᠠᠨ ᠰᠤᠳᠤᠯᠤᠯᠲᠠ ᠶᠢᠨ ᠳᠤᠮᠳᠠ ᠵᠠᠩ ᠵᠢᠶᠦ᠋ᠨ ᠲᠤᠤ ᠨᠠᠷ ᠰᠢᠶᠠᠩ ᠪᠠᠯᠭᠠᠰᠤᠨ ᠤ ᠭᠤᠣᠯ ᠬᠠᠷᠢᠭᠤᠴᠠᠯᠭᠠᠲᠠᠨ ᠨᠥᠬᠦᠳ ᠵᠢᠴᠢ ᠡᠷᠡᠭᠦᠯ ᠬᠠᠮᠠᠭᠠᠯᠠᠯ ᠤᠨ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠬᠠᠷᠢᠭᠤ ᠮᠡᠳᠡᠭᠦᠯᠦᠯᠳᠡ ᠶᠢ ᠰᠣᠨᠣᠰᠴᠤ᠂ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠶᠢᠨ ᠬᠠᠮᠲᠤ ᠳᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠨᠢᠭᠲᠠ ᠪᠠᠶᠢᠴᠠᠭᠠᠨ ᠦᠵᠡᠪᠡ᠃ ᠪᠠᠶᠢᠴᠠᠭᠠᠨ ᠰᠤᠳᠤᠯᠤᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠳᠤ ᠵᠢᠯᠤᠭᠤᠳᠤᠯᠭ᠎ᠠ ᠪᠠ ᠰᠠᠨᠠᠯ ᠤᠨ ᠬᠠᠷᠢᠭᠤ ᠲᠤᠰᠬᠠᠯ ᠥᠭᠪᠡ᠃    ᠵᠠᠩ ᠵᠢᠶᠦ᠋ᠨ ᠲᠤᠤ᠄ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ︵ᠭᠡᠷ︶ ᠶᠢᠨ ᠡᠭᠦᠷᠭᠡ ᠴᠢᠳᠠᠪᠤᠷᠢ ᠪᠠᠨ ᠪᠠᠳᠠᠷᠠᠭᠤᠯᠬᠤ ᠨᠢ ᠦᠨᠳᠦᠰᠦᠨ ᠱᠠᠲᠤᠨ ᠤ ᠣᠯᠠᠨ ᠲᠦᠮᠡᠨ ᠤ ᠡᠷᠡᠭᠦᠯ ᠮᠡᠨᠳᠦ ᠠᠵᠠ ᠵᠢᠷᠭᠠᠯ ᠲᠠᠢ ᠰᠢᠭᠤᠳ ᠬᠤᠯᠪᠣᠭᠳᠠᠨ᠎ᠠ᠃ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠭᠡᠵᠦ᠂ ᠣᠯᠠᠨ ᠲᠦᠮᠡᠨ ᠤ ᠡᠪᠡᠳᠴᠢᠨ ᠦᠵᠡᠭᠦᠯᠬᠦ ᠣᠷᠴᠢᠨ ᠲᠣᠭᠤᠷᠢᠨ ᠢ ᠲᠠᠰᠤᠷᠠᠯᠲᠠ ᠤᠢᠭᠡᠢ ᠰᠠᠶᠢᠵᠢᠷᠠᠭᠤᠯᠬᠤ ᠬᠡᠷᠡᠭᠳᠡᠢ᠃ ᠡᠮᠨᠡᠯᠭᠡ ᠶᠢᠨ ᠴᠢᠳᠠᠪᠤᠷᠢᠲᠠᠨ ᠤ ᠡᠩᠨᠡᠭᠡ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠪᠠᠷ ᠲᠡᠳᠬᠦᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠲᠤᠳᠠᠬᠳᠠᠯ ᠢ ᠨᠥᠬᠦᠪᠦ‌‍ᠷᠢᠯᠡᠨ ᠪᠠᠭᠤᠷᠠᠶ ᠲᠠᠯ᠎ᠠ ᠶᠢ ᠬᠦᠴᠦᠷᠬᠡᠭᠵᠢᠭᠦᠯᠵᠦ᠂ ᠤᠯᠠᠨ ᠲᠦᠮᠡᠨ ᠤ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠷᠠᠳ ᠤᠯᠠᠨ ᠤ ᠡᠷᠡᠭᠦᠯ ᠰᠠᠷᠠᠭᠤᠯ ᠠᠮᠢᠳᠤᠷᠠᠯ ᠢ ᠬᠠᠮᠠᠭᠠᠯᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠬᠡᠢ ᠨᠡᠮᠡᠭᠳᠡᠭᠦᠯᠬᠦ ᠬᠡᠷᠡᠭᠳᠡᠢ ᠬᠡᠵᠦ ᠴᠢᠬᠤᠯᠠᠴᠢᠯᠠᠪᠠ᠃                           ᠵᠣᠬᠢᠶᠠᠭᠴᠢ᠄ ᠵᠠᠩ ᠯᠦ                           ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3