| ᠥᠪᠥᠷ ᠰᠡᠷᠭᠡᠶᠢᠯᠡᠯᠲᠡ ᠵᠢᠯᠣᠭᠤᠳᠬᠤ ᠲᠠᠷᠬᠠᠭᠠᠭᠰᠠᠨ ︹2020︺ 88 ᠳ᠋ᠤᠭᠠᠷ ᠲᠣᠭᠠᠲᠤ | ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ | ᠠᠵᠢᠯᠯᠠᠬᠤ ᠳᠤᠭᠤᠶᠢᠯᠠᠩ᠂ ᠪᠦᠷᠢᠯᠳᠦᠭᠦᠨ ᠳᠤ᠄ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠳᠤ ᠴᠢᠭᠯᠡᠭᠦᠯᠦᠭᠰᠡᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ︽ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ | ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ︾ ︵ᠲᠥᠷᠥ ᠲᠠᠷᠬᠠᠭᠠᠭᠰᠠᠨ ᠢᠯᠡ ᠴᠠᠬᠢᠯᠭᠠᠨ ︹2020︺ 14 | ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠭᠠᠳᠠᠭᠠᠳᠤ ᠠᠴᠠ ᠣᠷᠤᠵᠤ ᠢᠷᠡᠬᠦ ᠶᠢ ᠰᠡᠷᠭᠡᠶᠢᠯᠡᠨ | ᠂ᠳᠣᠲᠣᠭᠠᠳᠤ ᠳᠤ ᠪᠠᠨ ᠳᠠᠬᠢᠨ ᠡᠭᠦᠰᠬᠦ ᠶᠢ ᠰᠡᠷᠭᠡᠶᠢᠯᠡᠬᠦ︾ ᠶᠡᠷᠦᠩᠬᠡᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠪᠠᠶᠢᠴᠠᠭᠠᠨ ᠬᠡᠮᠵᠢᠯᠲᠡ ᠬᠢᠬᠦ ᠬᠦᠷᠢᠶ᠎ᠡ ᠬᠡᠪᠴᠢᠶ᠎ᠡ ᠪᠠᠨ ᠤᠯᠠᠮ ᠥᠷᠭᠡᠳᠬᠡᠨ | ᠂ ᠭᠤᠤᠯᠳᠠᠯᠭ᠎ᠠ ᠲᠠᠢ ᠬᠥᠮᠦᠰ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ︾᠂ ᠪᠤᠰᠤᠳ ᠬᠥᠮᠦᠰ ︽ | ᠪᠠᠶᠢᠴᠠᠭᠠᠬᠤ ᠳᠤᠷᠠᠲᠠᠶ ᠶᠢ ᠨᠢ ᠪᠦᠬᠦᠨ ᠢ ᠪᠠᠶᠢᠴᠠᠭᠠᠬᠤ︾ ᠶᠢ ᠬᠡᠷᠡᠭᠵᠢᠭᠦᠯᠵᠦ᠂ ᠴᠠᠭ ᠲᠤᠬᠠᠶ ᠳᠤ ᠨᠢ ᠢᠯᠡᠷᠡᠭᠦᠯᠬᠦ᠂ | ᠲᠦᠷᠭᠡᠨ ᠰᠢᠢᠳᠪᠦᠷᠢᠯᠡᠬᠦ᠂ ᠲᠦᠢᠯ ᠤᠨ ᠣᠨᠤᠪᠴᠢᠲᠠᠢ ᠪᠠᠷ ᠬᠠᠮᠢᠶᠠᠷᠤᠨ ᠡᠵᠡᠮᠳᠡᠬᠦ᠂ ᠪᠦᠲᠦᠮᠵᠢᠲᠡᠶ ᠪᠠᠷ ᠠᠪᠤᠷᠠᠨ | ᠵᠠᠰᠠᠬᠤ ᠶᠢ ᠥᠨᠡᠨ ᠬᠦ ᠪᠡᠶᠡᠯᠡᠭᠦᠯᠬᠦ ᠶᠢᠨ ᠲᠤᠰᠠᠳᠠ᠂ ᠡᠳᠦᠭᠡ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ | ᠬᠡᠪᠴᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠬᠤᠯᠪᠣᠭᠳᠠᠯ ᠪᠦᠬᠦᠢ ᠤᠴᠢᠷ ᠢ ᠳᠣᠤᠷᠠᠬᠢ ᠮᠡᠲᠦ ᠮᠡᠳᠡᠭᠳᠡᠪᠡ | ᠄ | ᠨᠢᠭᠡ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ | ᠪᠠᠶᠢᠴᠠᠭᠠᠬᠤ︾ ᠬᠡᠪᠴᠢᠶ᠎ᠡ | ︵ᠨᠢᠭᠡ︶ ᠲᠣᠳᠣᠯᠠᠭᠰᠠᠨ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠳ︔ | ︵ᠬᠤᠶᠠᠷ︶ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠬᠥᠮᠦᠰ︔ | ︵ᠭᠤᠷᠪᠠ︶ ᠳᠤᠮᠳᠠ᠂ ᠦᠨᠳᠦᠷ ᠲᠦᠭᠰᠢᠭᠦᠷᠢ ᠶᠢᠨ ᠭᠠᠵᠠᠷ ᠣᠷᠣᠨ ᠪᠣᠯᠤᠨ ᠬᠤᠪᠸᠢ ᠮᠤᠵᠢ ᠠᠴᠠ | ᠢᠷᠡᠭᠰᠡᠨ ᠬᠥᠮᠦᠰ︔ | ︵ᠳᠥᠷᠪᠡ︶ ᠡᠭᠦᠳᠡᠨ ᠡᠮᠨᠡᠯᠭᠡ ᠳᠠᠬᠢ ᠬᠠᠯᠠᠭᠤᠷᠠᠬᠤ ᠡᠪᠡᠳᠴᠢᠲᠡᠨ᠂ ᠡᠮᠨᠡᠯᠭᠡ ᠳᠤ ᠰᠢᠨ᠎ᠡ ᠪᠠᠷ ᠰᠠᠭᠤᠭᠰᠠᠨ | ᠡᠪᠡᠳᠴᠢᠲᠡᠨ ᠵᠢᠴᠢ ᠬᠠᠪᠰᠤᠷᠤᠨ ᠰᠤᠪᠢᠯᠠᠬᠤ ᠬᠥᠮᠦᠰ︔ | ︵ᠲᠠᠪᠤ︶ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠳᠡᠠ᠂ ᠪᠣᠭᠤᠮᠲᠠ ᠶᠢᠨ ᠬᠢᠵᠢᠭ ᠪᠠᠶᠢᠴᠠᠭᠠᠬᠤ ᠪᠠ ᠬᠢᠯᠢ ᠶᠢᠨ | ᠰᠡᠷᠭᠡᠶᠢᠯᠡᠯᠲᠡ ᠶᠢᠨ ᠪᠠᠶᠢᠴᠠᠭᠠᠭᠴᠢ︔ | ︵ᠵᠢᠷᠭᠤᠭ᠎ᠠ︶ ᠬᠤᠷᠢᠭᠤᠯ ᠤᠨ ᠭᠠᠵᠠᠷ ᠤᠨ ᠠᠵᠢᠯᠲᠠᠨ᠂ ᠨᠡᠶᠢᠭᠡᠮ ᠤᠨ ᠠᠰᠠᠷᠠᠮᠵᠢ ᠨᠠᠰᠤᠵᠢᠯ ᠤᠨ | ᠪᠠᠶᠢᠭᠤᠯᠤᠮᠵᠢ ᠶᠢᠨ ᠠᠵᠢᠯᠲᠠᠨ᠂ ᠣᠯᠠᠨ ᠨᠡᠶᠢᠲᠡ ᠶᠢᠨ ᠲᠠᠯᠠᠪᠤᠷ ᠤᠨ ᠦᠢᠯᠡᠴᠢᠯᠡᠭᠡᠨ ᠤ ᠠᠵᠢᠯᠲᠠᠨ︔ | ︵ᠳᠣᠯᠤᠭ᠎ᠠ︶ ᠳᠤᠮᠳᠠ᠂ ᠦᠨᠳᠦᠷ ᠲᠦᠭᠰᠢᠭᠦᠷᠢ ᠶᠢᠨ ᠭᠠᠵᠠᠷ ᠣᠷᠣᠨ ᠠᠴᠠ ᠮᠠᠨ ᠤ ᠣᠷᠣᠨ ᠳᠤ ᠪᠤᠴᠠᠵᠤ | ᠢᠷᠡᠭᠰᠡᠨ ᠶᠡᠭᠡ ᠳᠡᠭᠡᠳᠦ ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠶᠢᠨ ᠪᠠᠭᠰᠢ | ᠠᠵᠢᠯᠲᠠᠨ ᠠᠵᠢᠯᠴᠢᠨ ᠪᠣᠯᠤᠨ ᠰᠤᠷᠤᠭᠴᠢ᠃ | ᠬᠤᠶᠠᠷ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ︽ᠪᠠᠶᠢᠴᠠᠭᠠᠬᠤ ᠳᠤᠷᠠᠲᠠᠶ ᠶᠢ ᠨᠢ ᠪᠦᠬᠦᠨ ᠢ | ᠪᠠᠶᠢᠴᠠᠭᠠᠬᠤ︾ ᠬᠡᠪᠴᠢᠶ᠎ᠡ | ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠭᠠᠳᠠᠨᠠᠬᠢ ᠪᠤᠰᠤᠳ ᠬᠥᠮᠦᠰ ᠰᠡᠶᠢᠠ ᠳᠤᠷ᠎ᠠ ᠠᠴᠠ ᠪᠠᠨ ᠪᠥᠭᠡᠮ | ᠬᠦᠴᠢᠯ ᠤᠨ ᠪᠠᠶᠢᠴᠠᠭᠠᠨ ᠬᠡᠮᠵᠢᠯᠲᠡ ᠬᠢᠯᠭᠡᠵᠦ ᠪᠣᠯᠣᠨ᠎ᠠ᠃ | ᠭᠤᠷᠪᠠ᠂ ᠠᠵᠢᠯ ᠤᠨ ᠱᠠᠭᠠᠷᠳᠠᠯᠭ᠎ᠠ | ︵ᠨᠢᠭᠡ︶ ᠥᠪᠡᠷᠲᠡᠭᠡᠨ ᠵᠠᠰᠠᠬᠤ ᠣᠷᠣᠨ ᠪᠠ ᠡᠯ᠎ᠡ ᠠᠶᠢᠮᠠᠭ ᠬᠤᠲᠠ ᠶᠢᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠤᠳ ᠠᠯᠪᠠᠨ ᠰᠦᠯᠵᠢᠶ᠎ᠡ᠂ ᠸᠢᠴᠠᠲ ᠤᠨ ᠣᠯᠠᠨ ᠨᠡᠶᠢᠲᠡ ᠶᠢᠨ ᠨᠣᠮᠧᠷ ᠵᠡᠷᠭᠡ ᠪᠠᠷ | ᠳᠠᠮᠵᠢᠭᠤᠯᠤᠨ ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠪᠠᠶᠢᠭᠤᠯᠤᠮᠵᠢ ᠶᠢᠨ ᠨᠡᠷᠡᠰ ᠪᠠ ᠠᠰᠠᠭᠤᠨ ᠯᠠᠪᠯᠠᠬᠤ | ᠪᠣᠯᠵᠣᠭᠠᠨ ᠤ ᠤᠲᠠᠰᠤ ᠶᠢ ᠴᠠᠭ ᠲᠤᠬᠠᠶ ᠳᠤ ᠨᠢ ᠨᠡᠶᠢᠲᠡᠯᠡᠬᠦ ᠪᠦᠭᠡᠳ ᠲᠤᠰᠬᠠᠶ ᠬᠥᠮᠦᠨ ᠴᠠᠭ ᠲᠤᠬᠠᠶ ᠳᠤ ᠨᠢ | ᠰᠢᠨᠡᠳᠬᠡᠬᠦ ᠬᠡᠷᠡᠭᠲᠡᠶ᠃ | ︵ᠬᠤᠶᠠᠷ︶ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ︾ ᠳᠤ ᠬᠡᠷᠡᠭᠰᠡᠬᠦ ᠵᠠᠷᠤᠳᠠᠯ ᠢ ᠡᠯ᠎ᠡ | ᠭᠠᠵᠠᠷ ᠤᠨ ᠵᠠᠰᠠᠭ ᠤᠨ ᠣᠷᠳᠣᠨ ᠡᠭᠦᠷᠭᠡᠯᠡᠨ᠎ᠡ ︵ᠡᠭᠦᠳᠡᠨ ᠡᠮᠨᠡᠯᠭᠡ ᠳᠠᠬᠢ ᠬᠠᠯᠠᠭᠤᠷᠠᠬᠤ ᠡᠪᠡᠳᠴᠢᠲᠡᠨ ᠪᠠ ᠡᠮᠨᠡᠯᠭᠡ | ᠳᠤ ᠰᠢᠨ᠎ᠡ ᠪᠠᠷ ᠣᠷᠤᠵᠤ ᠰᠠᠭᠤᠭᠰᠠᠨ ᠡᠪᠡᠳᠴᠢᠲᠡᠨ ᠪᠠᠭᠲᠠᠬᠤ ᠦᠭᠡᠢ︶᠂ ︽ᠪᠠᠶᠢᠴᠠᠭᠠᠬᠤ ᠳᠤᠷᠠᠲᠠᠶ ᠶᠢ ᠨᠢ | ᠪᠦᠬᠦᠨ ᠢ ᠪᠠᠶᠢᠴᠠᠭᠠᠬᠤ︾ ᠳᠤ ᠬᠡᠷᠡᠭᠰᠡᠬᠦ ᠵᠠᠷᠤᠳᠠᠯ ᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠤᠶᠤ ᠬᠤᠪᠢ | ᠬᠥᠮᠦᠨ ᠡᠭᠦᠷᠭᠡᠯᠡᠬᠦ ᠬᠡᠷᠡᠭᠲᠡᠢ᠃ | ︵ᠭᠤᠷᠪᠠ︶ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ︾ ᠪᠦᠭᠡᠮ ᠬᠦᠴᠢᠯ ᠤᠨ ᠪᠠᠶᠢᠴᠠᠭᠠᠨ | ᠬᠡᠮᠵᠢᠯᠲᠡ ᠬᠢᠬᠦ ᠲᠥᠷᠥᠯ ᠵᠦᠢᠯ ᠢ ︽ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ | ᠴᠢᠩᠭᠠᠳᠬᠠᠵᠤ ᠰᠢᠨ᠎ᠡ ᠲᠢᠲᠢᠮᠯᠡᠭ ᠠᠭᠤᠰᠬᠢᠨ ᠦᠷᠪᠢᠰᠦᠯ ᠣᠷᠣᠵᠤ ᠢᠷᠡᠬᠦ ᠪᠠ ᠳᠡᠯᠭᠡᠷᠡᠬᠦ ᠶᠢ ᠴᠢᠩᠭ᠎ᠠ ᠰᠡᠷᠭᠡᠶᠢᠯᠡᠬᠦ | ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠴᠢᠮ ᠮᠡᠳᠡᠭᠳᠡᠯ︾ ︵ | ᠥᠪᠥᠷ ᠰᠡᠷᠭᠡᠶᠢᠯᠡᠯᠲᠡ ᠵᠢᠯᠣᠭᠤᠳᠬᠤ ᠴᠠᠬᠢᠯᠭᠠᠨ ︹2020︺ 37 ᠳ᠋ᠤᠭᠠᠷ ᠲᠣᠭᠠᠲᠤ︶ ᠤᠨ ᠶᠣᠰᠣᠭᠠᠷ | ᠬᠡᠷᠡᠭᠵᠢᠭᠦᠯᠬᠦ ᠬᠡᠷᠡᠭᠲᠡᠢ᠃ | ︵ᠳᠥᠷᠪᠡ︶ ᠡᠯ᠎ᠡ ᠪᠠᠶᠢᠴᠠᠭᠠᠨ ᠬᠡᠮᠵᠢᠯᠲᠡ ᠬᠢᠬᠦ ᠪᠠᠶᠢᠭᠤᠯᠤᠮᠵᠢ ᠨᠤᠭᠤᠳ ᠵᠢᠷᠤᠮᠵᠢᠭᠤᠯᠬᠤ ᠪᠠᠶᠢᠭᠤᠯᠤᠯᠲᠠ ᠪᠠ | ᠠᠵᠢᠯᠲᠠᠨ ᠤ ᠪᠣᠯᠪᠠᠰᠤᠷᠠᠭᠤᠯᠤᠯ ᠢᠶᠠᠨ ᠴᠢᠩᠭᠠᠳᠬᠠᠵᠤ᠂ ᠪᠠᠶᠢᠴᠠᠭᠠᠨ ᠬᠡᠮᠵᠢᠯᠲᠡ ᠬᠢᠬᠦ ᠴᠢᠳᠠᠪᠤᠷᠢ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠬᠦ ᠬᠡᠷᠡᠭᠲᠡᠶ︔ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠵᠤ᠂ ᠪᠣᠢ ᠪᠦᠬᠦᠢ ᠪᠠᠶᠢᠴᠠᠭᠠᠨ ᠬᠡᠮᠵᠢᠯᠲᠡ ᠬᠢᠯᠭᠡᠭᠰᠡᠳ ᠢ ᠨᠠᠷᠢᠨ ᠲᠡᠮᠳᠡᠭᠯᠡᠬᠦ ᠶᠢᠨ | ᠬᠠᠮᠲᠤ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠢ᠃ | 2020 ᠣᠨ ᠤ 5 ᠳ᠋ᠤᠭᠠᠷ ᠰᠠᠷ᠎ᠠ ᠶᠢᠨ 14 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | ᠪᠡᠯᠡᠳᠭᠡᠭᠰᠡᠨ ᠨᠢ᠄ ᠼᠦᠢ ᠶᠢᠩ | ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ |