ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠥᠷᠨᠢᠭᠦᠯᠵᠦ ︽ᠠᠷᠠᠳ ᠲᠦᠮᠡᠨ︾ ᠭᠡᠬᠦ ᠦᠭᠡ ᠨᠢ ᠥᠨᠳᠥᠷ ᠳᠠᠪᠲᠠᠮᠵᠢᠲᠤ ᠦᠭᠡ ᠪᠣᠯᠪᠠ
ᠨᠡᠶᠢᠲᠡᠯᠡᠭᠰᠡᠨ ᠴᠠᠭ᠄
2020-05-28
    5 ᠳ᠋ᠤᠭᠠᠷ ᠰᠠᠷ᠎ᠠ ᠶᠢᠨ 26 ᠤ ᠣᠷᠣᠶ᠂ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠰᠠᠭᠤᠭ᠎ᠠ ᠭᠠᠵᠠᠷ ᠲᠤ ᠪᠠᠨ ᠰᠣᠨᠢᠨ ᠮᠡᠳᠡᠭᠡ ᠨᠡᠶᠢᠲᠡᠯᠡᠬᠦ ᠠᠵᠢᠯᠯᠠᠭ᠎ᠠ ᠥᠷᠨᠢᠭᠦᠯᠪᠡ᠃    ᠶᠡᠭᠡ ᠬᠤᠷᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠬᠤᠭᠤᠴᠠᠭᠠᠨ ᠳᠤ᠂ ᠡᠯ᠎ᠡ ᠲᠥᠯᠥᠭᠡᠯᠡᠭᠴᠢᠳ ᠤᠨ ᠪᠦᠯᠬᠦᠮ ᠰᠣᠨᠢᠨ ᠮᠡᠳᠡᠭᠡ ᠨᠡᠶᠢᠲᠡᠯᠡᠭᠴᠢ ᠲᠣᠬᠢᠷᠠᠭᠤᠯᠤᠨ᠂ ᠲᠤᠰ ᠲᠥᠯᠥᠭᠡᠯᠡᠭᠴᠢᠳ ᠤᠨ ᠪᠦᠯᠬᠦᠮ ᠤᠨ ᠴᠢᠬᠤᠯᠠ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠨᠡᠶᠢᠲᠡᠯᠡᠪᠡ᠃    ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠰᠣᠨᠢᠨ ᠮᠡᠳᠡᠭᠡ ᠨᠡᠶᠢᠲᠡᠯᠡᠭᠴᠢ ᠭᠦᠸᠧ ᠰᠢᠨ ᠠᠴᠠ ᠮᠠᠨ ᠤ ᠣᠷᠣᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠢ ᠶᠢᠨ ᠫᠢᠩ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠲᠥᠯᠥᠭᠡᠯᠡᠭᠴᠢᠳ ᠤᠨ ᠬᠢᠨᠠᠨ ᠵᠥᠪᠯᠡᠬᠦ ᠡᠯ᠎ᠡ ᠵᠦᠢᠯ ᠤᠨ ᠮᠡᠳᠡᠭᠦᠯᠦᠯᠲᠡ᠂ ᠰᠠᠨᠠᠯ ᠵᠥᠪᠯᠡᠭᠡ ᠶᠢ ᠨᠠᠷᠢᠨ ᠬᠢᠨᠠᠮᠠᠭᠠᠢ ᠰᠤᠷᠤᠯᠴᠠᠭᠰᠠᠨ ᠪᠠᠶᠢᠳᠠᠯ ᠤᠨ ᠲᠤᠬᠠᠢ ᠨᠡᠶᠢᠲᠡᠯᠡᠯ ᠬᠢᠪᠡ᠃ ᠲᠡᠷᠡ ᠲᠠᠨᠢᠯᠴᠠᠭᠤᠯᠬᠤ ᠳᠤ ᠪᠠᠨ᠂ 5 ᠳ᠋ᠤᠭᠠᠷ ᠰᠠᠷ᠎ᠠ ᠶᠢᠨ 22 ᠤᠨ ᠡᠳᠦᠷ ᠤᠨ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠡᠨᠡ ᠨᠢ ᠶᠡᠷᠦᠩᠬᠡᠢ ᠱᠦᠵᠢ ᠶᠢᠨ ᠭᠤᠷᠪᠠᠳᠤᠭᠠᠷ ᠵᠢᠯ ᠳᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠳᠤ ᠬᠦᠷᠴᠦ ᠪᠦᠬᠦ ᠲᠥᠯᠥᠭᠡᠯᠡᠭᠴᠢᠳ ᠲᠠᠢ ᠤᠯᠤᠰ ᠤᠨ ᠶᠡᠭᠡ ᠶᠠᠪᠤᠳᠠᠯ ᠢ ᠬᠠᠮᠲᠤ ᠪᠠᠷ ᠵᠥᠪᠳᠡᠭᠰᠡᠨ ᠶᠠᠪᠤᠳᠠᠯ ᠪᠣᠯᠤᠨ᠎ᠠ᠃ ᠶᠡᠷᠦᠩᠬᠡᠶ ᠱᠦᠵᠢ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭᠠᠨ ᠤ ᠲᠤᠬᠠᠶ ᠭᠦᠨᠵᠡᠭᠡᠶ ᠲᠣᠳᠣᠷᠬᠠᠶᠢᠯᠠᠨ ᠥᠭᠦᠯᠡᠵᠦ᠂ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠷᠴᠢ ᠵᠣᠷᠢᠭ ᠢ ᠬᠥᠪᠴᠢᠯᠡᠨ᠂ ᠪᠣᠳᠠᠲᠠᠢ ᠠᠷᠭ᠎ᠠ ᠬᠡᠮᠵᠢᠶ᠎ᠡ ᠭᠠᠷᠭᠠᠭᠰᠠᠨ ᠠᠴᠠ ᠲᠥᠯᠥᠭᠡᠯᠡᠭᠴᠢᠳ ᠤᠨ ᠳᠤᠮᠳᠠ ᠴᠢᠩᠭ᠎ᠠ ᠲᠤᠰᠬᠠᠯ ᠭᠠᠷᠪᠠ᠃ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠶᠡᠭᠡ ᠬᠤᠷᠠᠯ ᠤᠨ ᠡᠯ᠎ᠡ ᠵᠦᠢᠯ ᠤᠨ ᠵᠥᠪᠯᠡᠬᠦ ᠰᠡᠳᠦᠪ ᠢ ᠨᠠᠷᠢᠨ ᠬᠢᠨᠠᠮᠠᠭᠠᠢ ᠬᠢᠨᠠᠨ ᠵᠥᠪᠯᠡᠪᠡ᠃ ᠣᠯᠠᠨ ᠳᠤ ᠥᠭᠭᠦᠭᠰᠡᠨ ᠬᠠᠮᠲᠤ ᠶᠢᠨ ᠲᠥᠷᠥᠭᠳᠡᠯ ᠭᠡᠪᠡᠯ᠂ ︽ᠠᠷᠠᠳ ᠲᠦᠮᠡᠨ︾  ᠨᠢ ᠲᠤᠰ ᠬᠤᠭᠤᠴᠠᠭᠠᠨ ᠤ ᠶᠡᠭᠡ ᠬᠤᠷᠠᠯ ᠳᠡᠭᠡᠷ᠎ᠡ ᠮᠠᠰᠢ ᠣᠯᠠᠨ ᠤᠳᠠᠭ᠎ᠠ ᠳᠤᠷᠠᠳᠤᠭᠳᠠᠭᠰᠠᠨ ︽ᠥᠨᠳᠦᠷ ᠳᠠᠪᠲᠠᠮᠵᠢᠲᠤ ᠦᠭᠡ︾ ᠪᠣᠯᠵᠤ᠂ ︽ᠠᠷᠠᠳ ᠲᠦᠮᠡᠨ ᠢ ᠳᠡᠭᠡᠳᠦᠯᠡᠬᠦ︾ ᠨᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠭᠦᠨᠵᠡᠭᠡᠶ ᠲᠠᠶᠢᠯᠪᠤᠷᠢᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠮᠠᠭᠠᠯᠠᠬᠤ ᠶᠢᠨ ᠲᠥᠯᠥᠭᠡ ᠠᠯᠢᠪᠠ ᠪᠠᠨ ᠬᠠᠷᠠᠮ ᠦᠭᠡᠢ ᠵᠣᠷᠢᠭᠤᠯᠬᠤ ᠪᠠᠲᠤ ᠴᠢᠩᠭ᠎ᠠ ᠲᠠᠩᠭᠠᠷᠢᠭ ᠪᠣᠯᠵᠤ ᠬᠥᠮᠦᠰ ᠤᠨ ᠰᠡᠳᠬᠢᠯ ᠢ ᠨᠡᠩ ᠶᠡᠭᠡ ᠵᠣᠷᠢᠭᠵᠢᠭᠤᠯᠪᠠ᠃    ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠠᠬᠤᠶ ᠲᠠᠯᠠᠪᠠᠶ ᠳᠤ᠂ ᠶᠡᠭᠡ ᠰᠤᠷᠭᠠᠭᠤᠯᠢ ᠶᠢᠨ ᠫᠷᠣᠹᠧᠰᠰᠣᠷ ᠬᠥᠬᠡᠪᠠᠭᠠᠲᠤᠷ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠬᠥᠩ ᠮᠢᠩ ᠵᠤ᠋ ᠲᠥᠯᠥᠭᠡᠯᠡᠭᠴᠢ᠂ ᠡᠮᠨᠡᠯᠭᠡ ᠶᠢᠨ ᠠᠵᠢᠯᠲᠠᠨ ᠯᠢᠦ ᠶᠠ ᠱᠧᠩ ᠲᠥᠯᠥᠭᠡᠯᠡᠭᠴᠢ᠂ ᠭᠠᠴᠠᠭᠠᠨ ᠤ ᠱᠦᠵᠢ ᠯᠢ ᠭᠦᠸᠧ ᠴᠢᠨ ᠲᠥᠯᠥᠭᠡᠯᠡᠭᠴᠢ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠨ ᠸᠠᠩ ᠵᠢᠶᠦ᠋ᠨ ᠰᠢᠶᠠᠩ ᠲᠥᠯᠥᠭᠡᠯᠡᠭᠴᠢ ᠲᠥᠷᠥᠭᠳᠡᠯ ᠢᠶᠠᠨ ᠶᠠᠷᠢᠵᠤ᠂ ᠰᠠᠨᠠᠭᠤᠯᠭ᠎ᠠ ᠳᠤᠷᠠᠳᠤᠨ᠂ ᠢᠷᠡᠭᠡᠳᠦᠶ ᠶᠢᠨ ᠲᠣᠬᠠᠢ ᠪᠠᠨ ᠶᠠᠷᠢᠯ᠎ᠠ᠃ ᠲᠥᠯᠥᠭᠡᠯᠡᠭᠴᠢᠳ ᠢᠯᠡᠳᠬᠡᠭᠰᠡᠨ ᠨᠢ᠂ ︽ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠨ᠂ ᠠᠷᠠᠳ ᠲᠦᠮᠡᠨ ᠳᠤ ᠪᠠᠲᠤ ᠲᠦᠰᠢᠭᠯᠡᠨ᠂ ᠠᠷᠠᠳ ᠲᠦᠮᠡᠨ ᠳᠤ ᠲᠠᠰᠤᠷᠠᠯᠲᠠ ᠤᠢᠭᠡᠢ ᠪᠤᠶᠠᠨ ᠦᠢᠯᠡᠳᠴᠦ᠂ ᠠᠷᠠᠳ ᠲᠦᠮᠡᠨ ᠤ ᠳᠤᠮᠳᠠ ᠥᠨᠳᠦᠰᠦ ᠬᠠᠳᠬᠤᠨ᠎ᠠ︾ ᠭᠡᠰᠡᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠷᠠᠳ ᠲᠦᠮᠡᠨ ᠢᠶᠠᠷ ᠭᠤᠤᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠ ᠶᠡᠭᠡ ᠬᠤᠷᠠᠯ ᠤᠨ ᠡᠭᠦᠷᠭᠡ ᠶᠢ ᠪᠡᠶᠡᠯᠡᠭᠦᠯᠬᠦ ᠳᠤᠮᠳᠠ ᠨᠠᠶᠢᠳᠠᠪᠤᠷᠢᠵᠢᠭᠤᠯᠵᠤ᠂ ᠪᠣᠳᠠᠲᠠᠶ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠳᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠠᠶᠠᠨ ᠵᠠᠮ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠲᠤᠤᠯᠢᠰ ᠢ ᠪᠢᠴᠢᠭᠯᠡᠨ᠎ᠡ ᠭᠡᠵᠡᠢ᠃                   ᠪᠡᠯᠡᠳᠭᠡᠭᠰᠡᠨ ᠨᠢ᠄  ᠼᠦᠢ  ᠶᠢᠩ                  ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ ᠤ ᠮᠤᠩᠭᠤᠯ ᠰᠦᠯᠵᠢᠶ᠎ᠡ
 
ᠢᠷᠡᠯᠲᠡ᠄ ᠦᠪᠦᠷ ᠮᠤᠩᠭᠤᠯ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3