ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠰᠤᠷᠪᠤᠯᠵᠢᠯᠠᠭᠴᠢ ᠶᠢᠨ ᠬᠤᠷᠠᠯ ᠳᠤ ᠣᠷᠣᠯᠴᠠᠭᠰᠠᠨ ᠪᠥᠭᠡᠳ ᠳᠤᠮᠳᠠᠳᠤ ᠭᠠᠳᠠᠭᠠᠳᠤ ᠶᠢᠨ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ ︵ᠲᠤᠪᠴᠢ ᠲᠡᠮᠳᠡᠭᠯᠡᠯ︶
ᠨᠡᠶᠢᠲᠡᠯᠡᠭᠰᠡᠨ ᠴᠠᠭ᠄
2020-05-29
    ᠰᠢᠨᠬᠤᠸᠠ ᠰᠦᠯᠵᠢᠶ᠎ᠡ / ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ    2020 ᠣᠨ ᠤ 5 ᠰᠠᠷ᠎ᠠ ᠶᠢᠨ 28 ᠤ ᠡᠳᠦᠷ ︵ᠭᠠᠷᠠᠭ ᠤᠨ ᠳᠥᠷᠪᠡᠨ︶ ᠤᠨ ᠦᠳᠡ ᠶᠢᠨ ᠬᠤᠶᠢᠨ᠎ᠠ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠲᠡᠭᠦᠰᠦᠭᠰᠡᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠳᠠᠪᠬᠤᠷᠯᠢᠭ ᠤᠨ ᠠᠯᠲᠠᠨ ᠲᠢᠩᠬᠢᠮ ᠳᠤ ᠰᠣᠷᠪᠣᠯᠵᠢᠯᠠᠭᠴᠢᠳ ᠤᠨ ᠬᠤᠷᠠᠯ ᠳᠤ ᠣᠷᠣᠯᠴᠠᠭᠰᠠᠨ ᠪᠥᠭᠡᠳ ᠳᠤᠮᠳᠠᠳᠤ ᠭᠠᠳᠠᠭᠠᠳᠤ ᠶᠢᠨ ᠰᠣᠷᠪᠣᠯᠵᠢᠯᠠᠭᠴᠢᠳ ᠤᠨ ᠠᠰᠠᠭᠤᠯᠲᠠ ᠶᠢ ᠬᠠᠷᠢᠭᠤᠯᠪᠠ᠃ ᠬᠢᠵᠢᠭ ᠤᠨ ᠪᠠᠶᠢᠳᠠᠯ ᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠤᠯᠤᠨ ᠡᠷᠡᠭᠦᠯ ᠮᠡᠨᠳᠦ ᠶᠢ ᠬᠠᠮᠲᠤᠪᠠᠷ ᠬᠠᠮᠠᠭᠠᠯᠠᠬᠤ ᠶᠢᠨ ᠲᠥᠯᠥᠭᠡ᠂ ᠰᠤᠷᠪᠤᠯᠵᠢᠯᠠᠭᠴᠢᠳ ᠤᠨ ᠬᠤᠷᠠᠯ ᠨᠢ ᠰᠦᠯᠵᠢᠶᠡᠨ ᠤ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠶᠠᠪᠤᠭᠳᠠᠨ᠎ᠠ᠃      ᠰᠢᠨᠬᠤᠸᠠ ᠰᠦᠯᠵᠢᠶ᠎ᠡ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶ᠎ᠡ ᠰᠢᠭᠤᠳ ᠨᠡᠪᠲᠡᠷᠡᠭᠦᠯᠭᠡ ᠬᠢᠪᠡ᠃      ᠵᠠᠩ ᠶᠧ ᠰᠦᠶ      ᠵᠠᠭᠤᠴᠢᠯᠠᠭᠤᠷ ᠤᠨ ᠨᠠᠶᠢᠵᠠ ᠨᠠᠷ ᠡ᠂ ᠠᠪᠠᠭ᠋ᠠᠶ ᠨᠠᠷ ᠡ᠂ ᠠᠪᠤᠭᠠᠶ ᠨᠠᠷ ᠡ᠂ ᠲᠠ ᠪᠦᠬᠦᠨ ᠰᠠᠶᠢᠨ ᠪᠠᠶᠢᠵᠠᠭᠠᠨ᠎ᠠ ᠤᠤ︕ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠰᠠᠶ᠋ᠢᠬᠠᠨ ᠲᠡᠭᠦᠰᠬᠦ ᠬᠤᠷᠠᠯ ᠬᠢᠵᠦ᠂ ᠣᠳᠣ ᠪᠢᠳᠡ ᠠᠵᠠ ᠵᠠᠪᠰᠢᠶᠠᠨ ᠢᠶᠠᠷ ᠶᠡᠷᠦᠩᠬᠡᠶ ᠰᠠᠶᠢᠳ ᠯᠢ ᠺᠧ ᠴᠢᠶᠠᠩ ᠢ ᠤᠷᠢᠵᠤ ᠣᠯᠠᠨ ᠲᠠᠢ ᠠᠭᠤᠯᠵᠠᠭᠤᠯᠤᠭᠰᠠᠨ ᠪᠥᠭᠡᠳ ᠣᠯᠠᠨ ᠤ ᠠᠰᠠᠭᠤᠯᠲᠠ ᠶᠢ ᠬᠠᠷᠢᠭᠤᠯᠵᠠᠶ᠃ ᠯᠢ ᠶᠡᠷᠦᠩᠬᠡᠶ ᠰᠠᠶᠢᠳ ᠢ ᠤᠷᠢᠵᠤ ᠪᠠᠶᠢᠨ᠎ᠠ᠃      ᠯᠢ ᠺᠧ ᠴᠢᠶᠠᠩ      ᠡᠩ ᠲᠡᠷᠢᠭᠦᠨ ᠳᠤ ᠵᠠᠭᠤᠴᠢᠯᠠᠭᠤᠷ ᠤᠨ ᠨᠠᠶᠢᠵᠠ ᠨᠠᠷ ᠤᠨ ᠣᠨᠴᠠᠭᠠᠢ ᠴᠠᠭ ᠣᠢᠶ᠎ᠠ ᠳᠤ ᠣᠨᠴᠠᠭᠠᠢ ᠬᠦᠴᠢᠷᠳᠡᠯ ᠢ ᠢᠯᠠᠨ ᠳᠠᠪᠠᠵᠤ᠂ ᠳᠤᠮᠳᠠᠳᠤ ᠤᠯᠤᠰ ᠤᠨ ᠬᠤᠶᠠᠷ ᠬᠤᠷᠠᠯ ᠢ ᠮᠡᠳᠡᠬᠡᠯᠡᠭᠰᠡᠨ ᠳᠤ ᠲᠠᠯᠠᠷᠬᠠᠶ᠎ᠠ᠃ ᠬᠢᠵᠢᠭ ᠤᠨ ᠰᠢᠯᠲᠠᠭᠠᠨ ᠠᠴᠠ ᠪᠣᠯᠵᠤ᠂ ᠪᠢᠳᠡ ᠸᠢᠳᠢᠣ᠋ ᠪᠠᠷ ᠬᠠᠷᠢᠯᠴᠠᠬᠤ ᠬᠡᠯᠪᠡᠷᠢ ᠪᠠᠷ ᠰᠣᠷᠪᠣᠯᠵᠢᠯᠠᠭᠴᠢᠳ ᠤᠨ ᠬᠤᠷᠠᠯ ᠬᠢᠬᠦ ᠨᠢ ᠮᠢᠨᠦ ᠪᠣᠳᠣᠬᠤ ᠪᠠᠷ ᠪᠢᠳᠡᠨ ᠤ ᠬᠤᠭᠤᠷᠣᠨᠳᠣᠬᠢ ᠨᠡᠪᠲᠡᠷᠡᠯᠴᠡᠭᠡ ᠶᠢ ᠨᠥᠯᠥᠭᠡᠯᠡᠬᠦ ᠦᠭᠡᠢ ᠶᠤᠮ᠃ ᠴᠠᠭ ᠬᠢᠵᠠᠭᠠᠷ ᠲᠠᠢ᠂ ᠣᠯᠠᠨ ᠢᠶᠠᠷ ᠢᠶᠠᠨ ᠠᠰᠠᠭᠤᠭᠠᠷᠠᠶ᠃       ᠵᠠᠩ ᠶᠧ ᠰᠦᠶ     ᠶᠡᠷᠦᠩᠬᠡᠢ ᠰᠠᠶᠢᠳ ᠯᠢ ᠺᠧ ᠴᠢᠶᠠᠩ ᠳᠤ ᠲᠠᠯᠠᠷᠬᠠᠵᠤ ᠪᠠᠶᠢᠨ᠎ᠠ᠂ ᠤᠳᠤ ᠡᠬᠢᠯᠡᠨ ᠠᠰᠠᠭᠤᠯᠲᠠ ᠠᠰᠠᠭᠤᠵᠦ ᠪᠤᠯᠤᠨ᠎ᠠ᠃       ᠷᠦᠲ᠋ᠤᠷ ᠬᠤᠷᠢᠶᠠᠨ ᠤ ᠰᠤᠷᠪᠤᠯᠵᠢᠯᠠᠭᠴᠢ     ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠳᠡᠯᠡᠬᠡᠶ ᠶᠢᠨ ᠡᠯ᠎ᠡ ᠤᠯᠤᠰ ᠤᠨ ᠠᠵᠤ ᠠᠬᠤᠶ ᠳᠤ ᠬᠦᠨᠳᠦ ᠨᠣᠴᠢᠲᠠᠶ ᠨᠥᠯᠥᠭᠡ ᠦᠵᠡᠭᠦᠯᠵᠡᠶ᠃ ᠴᠥᠭᠡᠨ ᠪᠤᠰᠤ ᠤᠯᠤᠰ ᠤᠨ ᠵᠠᠰᠠᠭ ᠤᠨ ᠣᠷᠳᠣᠨ ᠬᠡᠳᠦᠨ ᠲᠦᠮᠡᠨ ᠳ᠋ᠦᠩᠰᠢᠭᠤᠷ ᠳ᠋ᠣᠯᠯᠠᠷ ᠤᠨ ᠡᠳ᠋ ᠤᠨ ᠵᠠᠰᠠᠭ ᠪᠠ ᠵᠤᠭᠤᠰᠤᠨ ᠤ ᠠᠷᠭ᠎ᠠ ᠬᠡᠮᠵᠢᠶ᠎ᠡ ᠠᠪᠴᠤ ᠰᠢᠨ᠎ᠡ ᠠᠭᠤᠰᠬᠢᠨ ᠦᠷᠪᠢᠰᠦᠯ ᠤᠨ ᠬᠢᠵᠢᠭ ᠤᠨ ᠠᠵᠤ ᠠᠬᠤᠶ ᠳᠤ ᠦᠵᠡᠭᠦᠯᠬᠦ ᠲᠠᠭᠠᠷᠢᠯᠳᠠ ᠶᠢ ᠠᠷᠭᠠᠴᠠᠪᠠ᠃ ᠡᠨᠡ ᠵᠢᠯ ᠤᠨ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠤᠰ ᠵᠢᠯ ᠤᠨ GDP ᠶᠢᠨ ᠨᠡᠮᠡᠭᠳᠡᠯ ᠤᠨ ᠬᠤᠷᠳᠤᠴᠠ ᠶᠢ ᠲᠣᠭᠲᠠᠭᠠᠭᠰᠠᠨ ᠦᠭᠡᠶ᠃ ᠷᠦᠲ᠋ᠤᠷ ᠬᠤᠷᠢᠶ᠎ᠠ ᠶᠢᠨ ᠲᠥᠰᠦᠭᠡᠯᠡᠨ ᠪᠤᠳᠤᠭᠰᠠᠨ ᠢ ᠦᠨᠳᠦᠰᠦᠯᠡᠪᠡᠯ᠂ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ ᠨᠡᠶᠢᠲᠡᠯᠡᠭᠰᠡᠨ ᠡᠳ᠋ ᠤᠨ ᠵᠠᠰᠠᠭ ᠤᠨ ᠠᠷᠭ᠎ᠠ ᠬᠡᠮᠵᠢᠶ᠎ᠡ ᠨᠢ ᠳᠤᠮᠳᠠᠳᠤ ᠤᠯᠤᠰ ᠤᠨ 2019 ᠣᠨ ᠤ ᠤᠯᠤᠰ ᠤᠨ ᠳᠣᠲᠣᠭᠠᠳᠤ ᠶᠢᠨ  ᠦᠢᠯᠡᠳᠪᠦᠷᠢᠯᠡᠯ ᠤᠨ ᠪᠥᠬᠦ ᠥᠷᠲᠡᠭ ᠤᠨ 4% ᠶᠢ ᠡᠵᠡᠯᠡᠵᠦ᠂ ᠡᠨᠡ ᠬᠦ ᠬᠡᠪᠴᠢᠶ᠎ᠡ ᠨᠢ ᠵᠠᠷᠢᠮ ᠠᠵᠤ ᠠᠬᠤᠶ ᠶᠢᠨ ᠤᠬᠠᠭᠠᠨᠲᠠᠨ ᠤ ᠵᠢᠱᠢᠯᠲᠡ ᠠᠴᠠ ᠪᠠᠭ᠋ᠠᠨ ᠳᠣᠷᠣᠭᠰᠢᠯᠠᠵᠤ᠂ ᠡᠨᠡ ᠵᠢᠯ ᠤᠨ ᠨᠢᠭᠡᠳᠦᠭᠡᠷ ᠤᠯᠠᠷᠢᠯ ᠳᠤ ᠳᠤᠮᠳᠠᠳᠤ ᠤᠯᠤᠰ ᠤᠨ ᠠᠵᠤ ᠠᠬᠤᠶ ᠠᠩᠬ᠎ᠠ ᠤᠳᠠᠭ᠎ᠠ ᠬᠡᠳᠦᠨ ᠠᠷᠪᠠᠨ ᠵᠢᠯ ᠤᠨ ᠲᠤᠷᠰᠢ ᠪᠠᠭᠠᠰᠤᠭᠰᠠᠨ ᠪᠠᠶᠢᠨ᠎ᠠ᠃ ᠢᠷᠡᠬᠦ ᠬᠡᠳᠦᠨ ᠰᠠᠷ᠎ᠠ ᠳᠤ᠂ ᠳᠤᠮᠳᠠᠳᠤ ᠤᠯᠤᠰ ᠨᠠᠩ ᠶᠡᠭᠡ ᠬᠡᠪᠴᠢᠶᠡᠨ ᠤ ᠰᠡᠳᠡᠯᠲᠡ ᠶᠢᠨ ᠠᠷᠭ᠎ᠠ ᠬᠡᠮᠵᠢᠶ᠎ᠡ ᠬᠡᠷᠡᠭᠵᠢᠬᠦᠯᠦᠨ᠎ᠡ ᠤᠤ ᠥᠬᠡᠶ ᠤᠤ︖ ᠨᠡᠩ ᠠᠯᠤᠰ ᠬᠡᠳᠤ ᠶᠢᠨ ᠪᠠᠶᠢᠳᠠᠯ ᠠᠴᠠ ᠦᠵᠡᠪᠡᠯ᠂ ᠳᠤᠮᠳᠠᠳᠤ ᠤᠯᠤᠰ ᠲᠤ ᠪᠦᠬᠦ ᠪᠥᠮᠪᠥᠷᠴᠡᠭ ᠤᠨ ᠬᠢᠵᠢᠭ ᠤᠨ ᠦᠷᠬᠦᠯᠵᠢᠯᠡᠨ ᠳᠡᠯᠭᠡᠷᠡᠬᠦ ᠪᠠ ᠲᠠᠰᠤᠷᠠᠯᠲᠠ ᠦᠭᠡᠢ ᠪᠠᠴᠢᠮ  ᠲᠤᠯᠭᠠᠮ᠎ᠠ ᠳᠤᠮᠳᠠᠳᠤ ᠠᠮᠧᠷᠢᠺᠠ ᠶᠢᠨ ᠬᠠᠷᠢᠴᠠᠭ᠎ᠠ ᠶᠢ ᠠᠷᠭᠠᠴᠠᠬᠤ ᠭᠦᠢᠴᠡᠳ ᠲᠦᠷᠦ ᠶᠢᠨ ᠪᠤᠳᠤᠯᠭ᠎ᠠ ᠶᠢᠨ ᠪᠠᠭᠠᠵᠢ ᠬᠡᠷᠡᠭᠰᠡᠯ ᠪᠠᠶᠢᠨ᠎ᠠ ᠤᠤ ᠦᠭᠡᠢ  ᠤᠤ︖    ᠯᠢ ᠺᠧ ᠴᠢᠶᠠᠩ    ᠡᠨᠡ ᠤᠳᠠᠭᠠᠨ ᠤ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠳᠡᠯᠡᠬᠡᠶ ᠶᠢᠨ ᠠᠵᠤ ᠠᠬᠤᠶ ᠳᠤ ᠬᠦᠨᠳᠦ ᠨᠣᠴᠢᠲᠠᠶ ᠳᠠᠭᠠᠷᠢᠯᠲᠠ ᠤᠴᠠᠷᠠᠭᠤᠯᠵᠠᠶ᠂ ᠡᠭᠦᠨ ᠢ ᠲᠡᠤᠬᠡᠨ ᠳᠡᠭᠡᠷ᠎ᠡ ᠬᠤᠪᠣᠷ ᠲᠣᠬᠢᠶᠠᠯᠳᠤᠬᠤ ᠭᠡᠵᠦ ᠬᠡᠯᠡᠵᠦ ᠪᠣᠯᠤᠨ᠎ᠠ᠃ ᠤᠶᠢᠷ᠎ᠠ ᠳᠤ ᠴᠥᠭᠡᠨ ᠪᠤᠰᠤ ᠭᠤᠤᠯ ᠪᠣᠯᠬᠤ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠶᠢᠨ ᠵᠢᠱᠢᠯᠲᠡ ᠪᠠᠷ᠂ ᠡᠨᠡ ᠵᠢᠯ ᠤᠨ ᠪᠦᠬᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠨᠢ 3%᠂ ᠴᠢᠨᠠᠭᠰᠢᠯᠠᠪᠠᠯ ᠨᠠᠩ ᠠᠷᠪᠢᠨ ᠪᠤᠯᠤᠨ᠎ᠠ᠃ ᠳᠤᠮᠳᠠᠳᠤ ᠤᠯᠤᠰ ᠤᠨ ᠠᠵᠤ ᠠᠬᠤᠢ ᠨᠢᠭᠡᠨᠲᠡ ᠳᠡᠯᠡᠬᠡᠢ ᠶᠢᠨ ᠠᠵᠤ ᠠᠬᠤᠢ ᠳᠤ ᠭᠦᠨᠵᠡᠭᠡᠢ ᠠᠭᠤᠰᠤᠯᠴᠠᠭᠰᠠᠨ ᠪᠣᠯᠬᠤᠷ ᠬᠤᠪᠢ ᠪᠡᠶ᠎ᠡ ᠠᠴᠠ ᠭᠠᠳᠠᠭᠤᠷ ᠪᠠᠶᠢᠵᠤ ᠴᠢᠳᠠᠬᠤ ᠦᠭᠡᠢ ᠶᠤᠮ᠃ ᠡᠶᠢᠮᠦ ᠠᠴᠠ ᠡᠨᠡ ᠵᠢᠯ ᠪᠢᠳᠡ GDP ᠶᠢᠨ ᠨᠡᠮᠡᠭᠳᠡᠯ ᠤᠨ ᠬᠡᠮᠵᠢᠶᠡᠯᠡᠬᠦ ᠭᠦᠢᠴᠡᠳᠬᠡᠬᠦ ᠲᠤᠭ᠎ᠠ ᠶᠢ ᠲᠤᠬᠳᠠᠭᠠᠬᠰᠠᠨ ᠦᠭᠡᠢ᠂ ᠡᠨᠡ ᠨᠢ ᠪᠠᠰᠠ ᠴᠤ ᠦᠨᠡᠨ ᠠᠴᠠ ᠵᠥᠪ ᠢ ᠡᠷᠢᠵᠦ ᠪᠠᠶᠢᠭ᠎ᠠ ᠶᠠᠪᠤᠳᠠᠯ ᠶᠤᠮ᠃ ᠭᠡᠪᠡᠴᠦ ᠪᠢᠳᠡ ᠰᠠᠭᠤᠭᠠᠯᠢ ᠠᠷᠠᠳ ᠤᠨ ᠠᠵᠢᠯ ᠣᠯᠭᠤᠯᠲᠠ᠂ ᠦᠨᠳᠦᠰᠦᠨ ᠠᠷᠠᠳ ᠤᠨ ᠠᠮᠢᠳᠤᠷᠠᠯ᠂ ᠵᠠᠬ᠎ᠠ ᠳᠡᠯᠭᠡᠭᠦᠷ ᠤᠨ ᠭᠤᠣᠯ ᠴᠣᠭᠴᠠ ᠵᠡᠷᠭᠡ ︽ᠵᠢᠷᠭᠤᠭ᠎ᠠ ᠶᠢ ᠪᠠᠲᠤᠯᠠᠬᠤ︾ ᠬᠠᠷᠠᠯᠲᠠ ᠡᠭᠦᠷᠭᠡ ᠶᠢ ᠲᠤᠬᠳᠠᠭᠠᠬᠰᠠᠨ ᠨᠢ GDP ᠶᠢᠨ ᠠᠵᠤ ᠠᠬᠤᠶ ᠶᠢᠨ ᠨᠡᠮᠡᠭᠳᠡᠯ ᠲᠠᠢ ᠰᠢᠭᠤᠳ ᠬᠠᠷᠢᠴᠠᠭ᠎ᠠ ᠲᠠᠢ ᠶᠤᠮ᠃ ᠠᠵᠤ ᠠᠬᠤᠢ ᠶᠢᠨ ᠨᠡᠮᠡᠭᠳᠡᠯ ᠴᠢᠬᠤᠯᠠ ᠪᠢᠰᠢ᠂ ᠮᠠᠨ ᠤ ᠢᠩᠭᠢᠵᠦ ᠬᠢᠬᠦ ᠨᠢ ᠬᠡᠷᠡᠭ ᠳᠡᠭᠡᠷ᠎ᠡ ᠪᠠᠨ ᠠᠷᠠᠳ ᠤᠯᠠᠨ ᠳᠤ ᠠᠵᠤ ᠠᠬᠤᠶ ᠶᠢᠨ ᠨᠡᠮᠡᠭᠳᠡᠯ ᠳᠤ ᠰᠢᠭᠤᠳ‌‍ᠲ᠋ᠦ᠋ᠷᠦᠭᠳᠡᠯ ᠣᠯᠭᠤᠵᠤ᠂ ᠠᠵᠤ ᠠᠬᠤᠶ ᠶᠢᠨ ᠨᠡᠮᠡᠭᠳᠡᠯ ᠢ ᠨᠡᠩ ᠥᠨᠳᠥᠷ ᠶᠠᠰᠤ ᠴᠢᠨᠠᠷ ᠲᠠᠢ ᠪᠣᠯᠭᠠᠬᠤ ᠶᠠᠪᠤᠳᠠᠯ ᠪᠤᠯᠤᠨ᠎ᠠ᠃ ᠬᠥᠭᠵᠢᠭᠦᠯᠬᠦ ᠪᠣᠯ ᠪᠠᠰᠠ ᠴᠤ ᠳᠤᠮᠳᠠᠳᠤ ᠤᠯᠤᠰ ᠤᠨ ᠠᠯᠢᠪᠠ ᠠᠰᠠᠭᠤᠳᠠᠯ ᠢ ᠰᠢᠢᠳᠪᠦᠷᠢᠯᠡᠬᠦ ᠶᠢᠨ ᠵᠠᠩᠭᠢᠯᠠᠭ᠎ᠠ ᠪᠠ ᠰᠠᠭᠤᠷᠢ ᠮᠥᠨ ᠃ ᠬᠡᠷᠪᠡ ᠶᠡᠷᠦᠩᠬᠡᠶᠢᠯᠡᠨ ᠪᠣᠳᠣᠵᠤ ᠦᠵᠡᠪᠡᠯ᠂ ︽ᠵᠢᠷᠭᠤᠭᠠᠨ ᠵᠦᠢᠯ ᠤᠨ ᠬᠠᠮᠠᠭᠠᠯᠠᠯᠲᠠ︾ ᠶᠢᠨ ᠡᠭᠦᠷᠭᠡ ᠶᠢ ᠪᠡᠶᠡᠯᠡᠭᠦᠯᠪᠡᠯ᠂ ᠢᠯᠠᠩᠭᠤᠶ᠎ᠠ ᠡᠮᠦᠨᠡᠬᠢ ︽ᠭᠤᠷᠪᠠ ᠶᠢ ᠪᠠᠲᠤᠯᠠᠬᠤ︾ ᠶᠠᠪᠤᠳᠠᠯ ᠨᠢ ᠪᠢᠳᠡᠨ ᠤ ᠡᠨᠡ ᠵᠢᠯ ᠤᠨ ᠳᠤᠮᠳᠠᠳᠤ ᠤᠯᠤᠰ ᠤᠨ ᠠᠵᠦ ᠠᠬᠤᠢ ᠶᠢᠨ ᠨᠡᠮᠡᠭᠳᠡᠯ ᠢ ᠪᠡᠶᠡᠯᠡᠭᠦᠯᠵᠦ᠂ ᠲᠡᠷᠡᠴᠢᠯᠡᠨ ᠵᠣᠬᠢᠬᠤ ᠬᠡᠮᠵᠢᠶ᠎ᠡ ᠪᠠᠷ ᠴᠢᠷᠮᠠᠶᠢᠵᠤ ᠪᠠᠶᠢᠭᠠᠳ ᠳᠤᠮᠳᠠᠳᠤ ᠤᠯᠤᠰ ᠤᠨ ᠠᠵᠤ ᠠᠬᠤᠶ ᠶᠢᠨ ᠲᠣᠭᠲᠠᠭᠤᠨ ᠢᠶᠠᠷ ᠤᠷᠤᠭᠰᠢᠯᠠᠬᠤ ᠶᠢ ᠠᠬᠢᠭᠤᠯᠵᠦ ᠲᠡᠶᠢᠯᠦᠨ᠎ᠡ᠃     ᠯᠢ ᠺᠧ ᠴᠢᠶᠠᠩ     ᠴᠢ ᠰᠠᠶ᠋ᠢ ᠪᠢᠳᠡᠨ ᠤ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ ᠬᠡᠪᠴᠢᠶ᠎ᠡ ᠵᠢᠱᠢᠯᠲᠡ ᠠᠴᠠ ᠳᠣᠣᠷ᠎ᠠ  ᠪᠠᠶᠢᠬᠤ ᠶᠢ ᠶᠠᠷᠢᠵᠦ ᠭᠠᠷᠪᠠ᠂ ᠭᠡᠪᠡᠴᠦ ᠪᠢ ᠪᠠᠰᠠ ᠮᠠᠰᠢ ᠤᠯᠠᠨ ᠲᠠᠯ᠎ᠠ ᠶᠢᠨ ᠲᠤᠰᠬᠠᠯ ᠢ ᠣᠯᠵᠤ ᠰᠣᠨᠣᠰᠤᠭᠠᠳ᠂ ᠮᠠᠨ ᠤ ᠨᠡᠶᠢᠲᠡᠯᠡᠭᠰᠡᠨ ᠬᠡᠪᠴᠢᠶᠡᠳᠤ ᠴᠢᠨᠠᠷᠲᠠᠶ ᠲᠦᠷᠦ ᠶᠢᠨ ᠪᠤᠳᠤᠯᠭ᠎ᠠ ᠪᠠᠰᠠ ᠡᠷᠴᠢᠮ ᠲᠠᠢ ᠪᠠᠶᠢᠨ᠎ᠠ ᠭᠡᠵᠦ ᠦᠵᠡᠵᠦ ᠪᠠᠶᠢᠨ᠎ᠠ᠃ ᠡᠨᠡ ᠤᠳᠠᠭᠠᠨ ᠤ ᠳᠠᠭᠠᠷᠢᠯᠲᠠ ᠶᠢ ᠠᠷᠭᠠᠴᠠᠬᠤ ᠬᠡᠷᠡᠭᠲᠡᠶ ᠭᠡᠵᠦ ᠬᠡᠯᠡᠬᠦ ᠶᠣᠰᠣᠲᠠᠶ᠂ ᠪᠢᠳᠡ ᠡᠷᠴᠢᠮ ᠢ ᠨᠢ ᠡᠵᠡᠮᠳᠡᠬᠦ ᠮᠥᠷᠲᠡᠭᠡᠨ ᠪᠠᠰᠠ ᠴᠠᠭ ᠲᠣᠬᠢᠶᠠᠯ ᠢ ᠨᠢ ᠡᠵᠡᠮᠳᠡᠬᠦ ᠬᠡᠷᠡᠭᠲᠡᠶ᠃ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠳᠡᠯᠭᠡᠷᠡᠬᠦ ᠣᠶᠶ᠎ᠠ ᠳᠤ᠂ ᠪᠢᠳᠡ ᠪᠠᠰᠠ ᠵᠠᠷᠢᠮ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠡᠶ᠂ ᠭᠡᠪᠡᠴᠦ ᠲᠤᠬᠠᠶ ᠶᠢᠨ ᠣᠢᠶ ᠎ᠠ ᠳᠤ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠪᠠᠰᠠ ᠠᠬᠢᠭᠤᠯᠤᠬᠰᠠᠨ ᠪᠠᠶᠢᠨ᠎ᠠ᠂ ᠠᠵᠢᠯ ᠦᠢᠯᠡᠰ ᠰᠡᠷᠭᠦᠭᠡᠬᠦ ᠳᠤ ᠪᠠᠰᠠ ᠬᠠᠷᠰᠢ ᠰᠠᠭᠠᠳ ᠪᠣᠯᠵᠤ᠂ ᠵᠠᠷᠢᠮ ᠲᠦᠷᠦ ᠶᠢᠨ ᠪᠤᠳᠤᠯᠭ᠎ᠠ ᠶᠢ ᠳᠣᠷᠣᠭᠰᠢ ᠪᠠᠭᠤᠯᠭᠠᠭᠠᠳ ᠪᠦᠷᠢᠮᠦᠰᠦᠨ ᠨᠠᠶᠢᠳᠠᠪᠤᠷᠢᠵᠢᠭᠤᠯᠵᠤ ᠴᠢᠳᠠᠬᠤ ᠦᠭᠡᠢ᠂ ᠮᠠᠰᠢ ᠤᠯᠠᠨ ᠬᠥᠮᠦᠨ ᠴᠥᠮ ᠭᠡᠷ ᠲᠡᠭᠡᠨ ᠰᠠᠭᠤᠵᠤ  ᠪᠠᠶᠢᠪᠠ᠃ ᠭᠡᠪᠡᠴᠦ ᠡᠨᠡ ᠶᠠᠪᠤᠴᠠ ᠳᠤ ᠪᠢᠳᠠ ᠪᠠᠰᠠ ᠲᠤᠷᠰᠢᠯᠭ᠎ᠠ ᠬᠤᠷᠠᠮᠳᠤᠭᠤᠯᠵᠠᠶ᠃ ᠡᠮᠦᠨᠡᠬᠢ ᠬᠤᠭᠤᠴᠠᠭᠠᠨ ᠤ ᠲᠤᠷᠰᠢᠯᠭ᠎ᠠ ᠶᠢ ᠦᠨᠳᠦᠰᠦᠯᠡᠪᠡᠯ᠂ ᠮᠥᠨ ᠴᠦ ᠣᠳᠣᠬᠠᠨ ᠤ ᠪᠠᠶᠢᠳᠠᠯ ᠢ ᠮᠠᠭᠠᠳᠯᠠᠵᠤ ᠪᠠᠶᠢᠭ᠎ᠠ ᠶᠠᠪᠤᠳᠠᠯ ᠪᠣᠯᠤᠨ᠎ᠠ᠂ ᠪᠢᠳᠡ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠨᠢᠭᠡᠨ ᠬᠡᠪᠴᠢᠶᠡᠲᠦ ᠴᠢᠨᠠᠷᠲᠠᠶ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠣᠭᠲᠠᠭᠠᠵᠠᠶ᠂ ᠡᠭᠦᠨ ᠢ ᠡᠷᠴᠢᠮ ᠲᠠᠢ ᠭᠡᠵᠦ ᠬᠡᠯᠡᠬᠦ ᠶᠣᠰᠣᠲᠠᠶ᠃     ᠯᠢ ᠺᠧ ᠴᠢᠶᠠᠩ     ᠪᠢᠳᠡ ᠥᠩᠭᠡᠷᠡᠭᠰᠡᠨ ᠳᠤ ᠶᠡᠭᠡ ᠤᠰᠤ ᠪᠠᠷ ᠨᠡᠯᠦᠩᠬᠡᠶ ᠤᠰᠤᠯᠠᠬᠤ ᠦᠭᠡᠢ ᠭᠡᠵᠦ ᠬᠡᠯᠡᠵᠦ ᠥᠩᠭᠡᠷᠡᠭᠰᠡᠨ ᠪᠢᠯᠡ ᠃ ᠤᠳᠤ ᠴᠤ ᠭᠡᠰᠡᠨ ᠡᠶᠢᠮᠦ ᠪᠠᠶᠢᠨ᠎ᠠ᠂ ᠭᠡᠪᠡᠴᠦ ᠤᠨᠴᠠᠭᠠᠢ ᠦᠶ᠎ᠡ ᠳᠤ ᠤᠨᠴᠠᠭᠠᠢ ᠲᠦᠷᠦ ᠶᠢᠨ ᠪᠤᠳᠤᠯᠭ᠎ᠠ ᠠᠪᠬᠤ ᠬᠡᠷᠡᠭᠳᠡᠢ᠂ ᠡᠭᠦᠨ ᠢ ᠪᠢᠳᠡ ᠤᠰᠤ ᠲᠠᠯᠪᠢᠨ ᠵᠢᠭᠠᠰᠤ ᠲᠡᠵᠢᠭᠡᠬᠦ ᠭᠡᠳᠡᠭ᠃ ᠭᠦᠢᠴᠡᠳ ᠤᠰᠤ ᠦᠭᠡᠢ ᠪᠣᠯ ᠵᠢᠭᠠᠰᠤ ᠠᠮᠢᠳᠤᠷᠠᠵᠤ ᠴᠢᠳᠠᠬᠤ ᠦᠭᠡᠢ ᠶᠤᠮ᠃ ᠭᠡᠪᠡᠴᠦ ᠬᠡᠷᠪᠡ ᠦᠶᠡᠷᠯᠡᠪᠡᠯ ᠬᠥᠭᠡᠰᠦ ᠡᠭᠦᠰᠦᠨ᠎ᠡ᠃ ᠵᠠᠷᠢᠮ ᠬᠥᠮᠦᠨ ᠳᠤᠮᠳᠠ ᠠᠴᠠ ᠨᠢ ᠠᠰᠢᠭ ᠣᠯᠵᠤ᠂ ᠵᠢᠭᠠᠰᠤ ᠶᠢ ᠴᠤ ᠲᠡᠵᠢᠭᠡᠵᠦ ᠴᠢᠳᠠᠬᠤ ᠦᠭᠡᠢ᠂ ᠪᠠᠰᠠ ᠵᠠᠷᠢᠮ  ᠬᠦᠮᠦᠨ ᠵᠢᠭᠠᠰᠤ ᠪᠠᠷᠢᠬᠤ ᠪᠣᠯᠤᠨ᠎ᠠ᠃ ᠡᠶᠢᠮᠦ ᠠᠴᠠ ᠮᠠᠨ ᠤ ᠠᠪᠤᠭᠰᠠᠨ ᠠᠷᠭ᠎ᠠ ᠬᠡᠮᠵᠢᠶ᠎ᠡ ᠨᠢ ᠬᠠᠨᠳᠤᠯᠭᠠᠲᠤ ᠴᠢᠨᠠᠷ ᠲᠠᠢ ᠪᠠᠶᠢᠵᠦ ᠲᠠᠷᠤᠢ ᠰᠤᠳᠠᠯ ᠪᠠᠷᠢᠵᠦ ᠵᠦᠪ ᠤᠨᠤᠰᠢᠯᠠᠨ ᠡᠮ ᠢᠶᠠᠨ ᠵᠦᠪ ᠬᠡᠷᠡᠭᠯᠡᠨ᠎ᠡ᠃ ᠵᠣᠭᠤᠰ ᠴᠤᠭᠯᠠᠭᠤᠯᠬᠤ ᠪᠤᠶᠤ ᠵᠣᠭᠤᠰ ᠮᠥᠩᠭᠦ ᠬᠠᠮᠢᠭ᠎ᠠ ᠠᠴᠠ ᠢᠷᠡᠭᠰᠡᠨ ᠴᠦ ᠲᠡᠷᠡ᠂ ᠬᠠᠮᠢᠭ᠎ᠠ ᠬᠡᠷᠡᠭᠯᠡᠭᠰᠡᠨ ᠴᠦ ᠲᠡᠷᠡ ᠴᠥᠮ ᠰᠢᠨ᠎ᠡ ᠵᠠᠮ ᠢᠶᠠᠷ ᠶᠠᠪᠤᠬᠤ ᠬᠡᠷᠡᠭᠲᠡᠶ᠃     ᠯᠢ ᠺᠧ ᠴᠢᠶᠠᠩ     ᠡᠨᠡ ᠤᠳᠠᠭᠠᠨ ᠤ ᠬᠡᠪᠴᠢᠶᠡᠲᠦ ᠴᠢᠨᠠᠷᠲᠠᠶ ᠲᠦᠷᠦ ᠶᠢᠨ ᠪᠤᠳᠤᠯᠭ᠎ᠠ ᠶᠢᠨ ᠴᠤᠭᠯᠠᠭᠤᠯᠤᠭᠰᠠᠨ ᠪᠡᠯᠡ ᠮᠥᠩᠭᠦ ᠶᠢ ᠬᠤᠶᠡᠷ ᠶᠡᠭᠡ ᠬᠡᠰᠡᠭ ᠬᠤᠪᠢᠶᠠᠵᠤ ᠪᠣᠯᠤᠨ᠎ᠠ ᠭᠡᠵᠦ ᠬᠡᠯᠡᠵᠦ ᠪᠣᠯᠤᠨ᠎ᠠ᠂ ᠨᠢᠭᠡ ᠬᠡᠰᠡᠭ ᠨᠢ ᠳᠠᠷᠤᠶ ᠰᠢᠨ᠎ᠡ ᠪᠠᠷ ᠨᠡᠮᠡᠭᠳᠡᠭᠰᠡᠨ ᠤᠯᠠᠭᠠᠨ ᠲᠤᠭ᠎ᠠ ᠪᠠ ᠬᠢᠵᠢᠭ ᠢ ᠡᠰᠡᠷᠭᠦᠴᠡᠬᠦ ᠣᠨᠴᠠᠭᠠᠶ ᠤᠯᠤᠰ ᠤᠨ ᠵᠢᠭᠡᠯᠡᠯᠭᠡ ᠶᠢ ᠨᠡᠶᠢᠳᠡ ᠬᠤᠶᠠᠷ ᠲᠦᠮᠡᠨ ᠳ᠋ᠦᠩᠰᠢᠭᠤᠷ ᠲᠥᠭᠦᠷᠢᠭ ᠲᠠᠷᠬᠠᠭᠠᠨ᠎ᠠ᠃ ᠪᠠᠰᠠ ᠪᠤᠰᠤᠳ ᠨᠠᠩ ᠶᠡᠭᠡ ᠨᠢᠭᠡ ᠬᠡᠰᠡᠭ ᠨᠢ ᠳᠠᠷᠤᠶ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠬᠠᠰᠤᠵᠤ ᠬᠡᠯᠳᠡᠷᠢᠬᠦᠯᠦᠨ᠎ᠡ᠂ ᠵᠠᠷᠢᠮ ᠤᠯᠤᠰ ᠲᠤ ᠴᠠᠯᠢᠩ ᠤᠨ ᠭᠠᠶᠢᠯᠢ ᠭᠡᠳᠡᠭ᠂ ᠲᠡᠷᠡ ᠨᠢ ᠠᠵᠢᠯ ᠠᠯᠳᠠᠭᠰᠠᠳ ᠤᠨ ᠳᠠᠭᠠᠳᠬᠠᠯ ᠤᠨ ᠦᠯᠡᠳᠡᠪᠦᠷᠢ ᠶᠢ ᠬᠥᠳᠡᠯᠭᠡᠨ ᠬᠡᠷᠡᠭᠯᠡᠵᠦ᠂ ᠤᠯᠤᠰ ᠤᠨ ᠥᠮᠴᠢᠯᠡᠯ ᠤᠨ ᠬᠤᠳᠠᠯᠳᠤᠭᠠᠨ ᠤ ᠪᠠᠩᠬᠢ ᠶᠢᠨ ᠠᠰᠢᠭ ᠣᠯᠭᠤᠬᠤ᠂ ᠠᠶᠠᠨᠳᠠᠭᠠᠨ ᠭᠠᠭᠴᠠᠭᠠᠷ ᠡᠵᠡᠮᠰᠢᠬᠦ ᠴᠢᠨᠠᠷᠳᠡᠢ ᠠᠵᠤ ᠠᠬᠤᠶᠢᠯᠠᠯ ᠤᠨ ᠦᠨ᠎ᠡ ᠶᠢ ᠪᠠᠭᠤᠷᠠᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠪᠠᠭᠤᠷᠠᠭᠤᠯᠤᠨ᠎ᠠ᠃ ᠡᠨᠡ ᠬᠡᠰᠡᠭ ᠢ ᠨᠡᠶᠢᠯᠡᠭᠦᠯᠪᠡᠯ ᠡᠮᠦᠨᠡᠬᠢ ᠬᠡᠰᠡᠭ ᠠᠴᠠ ᠪᠠᠨ ᠪᠠᠷᠤᠭ ᠬᠤᠶᠠᠷ ᠲᠠᠬᠢᠨ ᠢᠯᠡᠭᠦᠤ ᠪᠠᠶᠢᠳᠠᠭ᠃ ᠲᠡᠷᠡ ᠮᠥᠷᠲᠡᠭᠡᠨ ᠪᠢᠳᠡ ᠡᠳᠡᠭᠡᠷ ᠪᠡᠯᠡ ᠮᠥᠩᠭᠦ ᠶᠢ ᠠᠵᠢᠯ ᠣᠯᠭᠤᠯᠲᠠ᠂ ᠠᠷᠠᠳ ᠤᠨ ᠠᠮᠢᠳᠤᠷᠠᠯ ᠪᠠ ᠵᠠᠬ᠎ᠠ ᠲᠡᠯᠭᠡᠭᠦᠷ ᠤᠨ ᠪᠡᠶᠡᠴᠢ ᠴᠣᠭᠴᠠ ᠳᠤ ᠬᠡᠷᠡᠭᠯᠡᠬᠦ ᠶᠢ ᠠᠬᠢᠭᠤᠯᠵᠤ᠂ ᠰᠠᠭᠤᠭᠠᠯᠢ ᠠᠷᠠᠳ ᠤᠨ ᠣᠷᠣᠯᠭ᠎ᠠ ᠶᠢ  ᠲᠤᠯᠭᠠᠭᠤᠷᠢᠯᠠᠬᠤ ᠬᠡᠷᠡᠭᠲᠡᠶ᠃ ᠡᠨᠡ ᠨᠢ ᠮᠠᠨ ᠤ ᠣᠳᠣ ᠶᠢᠨ ᠪᠦᠬᠦ ᠰᠠᠭᠤᠭᠠᠯᠢ ᠠᠷᠠᠳ ᠤᠨ ᠣᠷᠣᠯᠭ᠎ᠠ 40 ᠭᠠᠷᠤᠶ ᠲᠦᠮᠡᠨ ᠳ᠋ᠦᠩᠰᠢᠭᠤᠷ ᠲᠥᠭᠦᠷᠢᠭ ᠤᠨ ᠶᠡᠷᠦᠩᠬᠡᠶ ᠲᠤᠭ᠎ᠠ ᠲᠠᠢ ᠠᠳᠠᠯᠢᠳᠬᠠᠪᠠᠯ ᠲᠡᠭᠦᠨ ᠤ ᠬᠠᠷᠢᠴᠠᠯ ᠨᠢ ᠬᠤᠶᠠᠷ ᠣᠷᠣᠨᠲᠤ ᠲᠤᠭ᠎ᠠ ᠠᠴᠠ ᠳᠡᠭᠡᠭᠰᠢ ᠪᠠᠶᠢᠳᠠᠭ᠃    ᠯᠢ ᠺᠧ ᠴᠢᠶᠠᠩ    ᠨᠡᠩ ᠴᠢᠬᠤᠯᠠ ᠨᠢ ᠵᠣᠭᠤᠰ ᠢ ᠬᠠᠮᠢᠭᠠᠰᠢ ᠪᠠᠨ ᠬᠡᠷᠡᠭᠯᠡᠬᠦ ᠪᠤᠢ︖ ᠮᠠᠨ ᠤ ᠡᠨᠡ ᠬᠦ ᠬᠡᠪᠴᠢᠶᠡᠵᠢᠭᠰᠡᠨ ᠴᠢᠨᠠᠷᠲᠠᠶ ᠲᠥᠷᠥ ᠶᠢᠨ ᠪᠣᠳᠣᠯᠭ᠎ᠠ ᠶᠢ ᠠᠵᠤ ᠠᠬᠤᠶᠢᠯᠠᠯ ᠤᠨ ᠬᠦᠴᠢᠷᠳᠡᠯ ᠢ ᠨᠠᠮᠳᠠᠭᠤᠯᠬᠤ ᠪᠠ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠨ᠎ᠡ ᠭᠡᠵᠦ ᠬᠡᠯᠡᠵᠦ ᠪᠣᠯᠤᠨ᠎ᠠ᠃ ᠰᠠᠭᠤᠭᠠᠯᠢ ᠠᠷᠠᠳ ᠤᠨ ᠬᠡᠷᠡᠭᠯᠡᠭᠡᠨ ᠤ ᠴᠢᠳᠠᠪᠤᠷᠢ ᠲᠠᠢ ᠪᠣᠯᠭᠠᠬᠤ ᠨᠢ ᠬᠡᠷᠡᠭᠯᠡᠭᠡ ᠶᠢ ᠠᠬᠢᠭᠤᠯᠬᠤ᠂ ᠵᠠᠬ᠎ᠠ ᠲᠡᠯᠭᠡᠭᠦᠷ ᠢ ᠳᠠᠶᠢᠴᠢᠯᠠᠬᠤ ᠳᠤ ᠠᠰᠢᠭᠲᠠᠶ ᠶᠤᠮ᠃ ᠡᠭᠦᠨ ᠢ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠵᠠᠮ ᠭᠡᠵᠦ ᠬᠡᠯᠡᠵᠦ ᠪᠣᠯᠤᠨ᠎ᠠ᠃    ᠯᠢ  ᠺᠧ ᠴᠢᠶᠠᠩ    ᠵᠣᠭᠤᠰ ᠪᠣᠯ ᠵᠣᠭᠤᠰ ᠲᠥᠷᠥᠳᠡᠭ ᠶᠤᠮ᠃ ᠠᠷᠠᠳ ᠲᠦᠮᠡᠨ ᠳᠤ ᠬᠡᠷᠡᠭᠯᠡᠬᠦ ᠵᠣᠭᠤᠰ ᠮᠥᠩᠭᠦ ᠨᠢ ᠰᠢᠨ᠎ᠡ ᠡᠳ᠋ ᠪᠠᠶᠠᠯᠢᠭ ᠢ ᠡᠭᠦᠳᠴᠦ᠂ ᠭᠠᠶᠢᠯᠢ ᠶᠢᠨ ᠢᠷᠡᠯᠲᠡ ᠶᠢ ᠬᠠᠳᠠᠭᠠᠯᠠᠵᠤ᠂ ᠡᠳ᠋ ᠤᠨ ᠵᠠᠰᠠᠭ ᠢ ᠦᠷᠭᠦᠯᠵᠢᠯᠡᠭᠦᠯᠦᠨ᠎ᠡ᠃ ᠪᠢᠳᠡ ᠵᠠᠪᠠᠯ ᠣᠳᠣᠬᠠᠨ ᠤ ᠠᠵᠤ ᠠᠬᠤᠶ ᠪᠠᠨ ᠲᠣᠭᠲᠠᠭᠤᠨ ᠪᠠᠶᠢᠯᠭᠠᠵᠤ᠂ ᠲᠣᠭᠲᠠᠭᠤᠨ ᠢᠶᠠᠷ ᠤᠷᠤᠭᠰᠢᠯᠠᠵᠤ ᠤ ᠬᠠᠮᠳᠤ ᠪᠠᠰᠠ ᠬᠦᠨᠳᠦ ᠬᠥᠯ ᠢᠶᠠᠨ ᠡᠷᠬᠦᠨ ᠲᠣᠭᠤᠰᠣ ᠰᠢᠷᠣᠢ ᠲᠡᠭᠳᠡᠭᠡᠵᠦ ᠬᠤᠵᠢᠮ ᠤᠨ ᠬᠥᠮᠦᠰ ᠤᠨ ᠵᠠᠮ ᠢ  ᠲᠦᠭᠡᠷᠡᠭᠳᠡᠬᠦᠯᠬᠦ ᠠᠴᠠ ᠵᠠᠶᠢᠯᠠᠰᠬᠢᠬᠤ ᠬᠡᠷᠡᠭᠲᠡᠢ᠃ ᠬᠡᠷᠪᠡ ᠠᠵᠤ ᠠᠬᠤᠢ ᠶᠢᠨ ᠲᠠᠯ᠎ᠠ ᠪᠠᠷ ᠪᠤᠶᠤ ᠪᠤᠰᠤᠳ ᠲᠠᠯ᠎ᠠ ᠪᠠᠷ ᠳᠠᠬᠢᠨ ᠶᠡᠭᠡ ᠬᠤᠪᠢᠷᠠᠯᠲᠠ ᠭᠠᠷᠪᠠᠯ᠂ ᠪᠢᠳᠡ ᠪᠠᠰᠠ ᠡᠳ᠋ ᠤᠨ ᠵᠠᠰᠠᠭ᠂ ᠮᠥᠩᠭᠦᠨ ᠭᠦᠢᠯᠭᠡᠭᠡ᠂ ᠨᠡᠶᠢᠭᠡᠮ ᠤᠨ ᠪᠠᠲᠤᠯᠠᠭ᠎ᠠ ᠵᠡᠷᠭᠡ ᠲᠥᠷᠥ ᠶᠢᠨ ᠪᠤᠳᠤᠯᠭ᠎ᠠ ᠶᠢᠨ ᠣᠷᠣᠨ ᠵᠠᠶ ᠦᠯᠡᠳᠡᠭᠡᠵᠦ᠂ ᠴᠥᠮ ᠲᠥᠷᠥ ᠶᠢᠨ ᠪᠣᠳᠣᠯᠭ᠎ᠠ ᠶᠢᠨ ᠨᠥᠭᠡᠴᠡ ᠲᠠᠢ ᠪᠣᠯᠬᠤᠷ ᠴᠠᠭ ᠲᠤᠬᠠᠶ ᠳᠤᠨᠢ ᠰᠢᠨ᠎ᠡ ᠲᠥᠷᠥ ᠶᠢᠨ ᠪᠣᠳᠣᠯᠭ᠎ᠠ ᠶᠢ ᠲᠣᠭᠲᠠᠭᠠᠵᠤ ᠪᠣᠯᠤᠨ᠎ᠠ᠂ ᠲᠡᠷᠡᠴᠢᠯᠡᠨ ᠳᠤᠮᠳᠠᠳᠤ ᠤᠯᠤᠰ ᠤᠨ ᠠᠵᠤ ᠠᠬᠤᠢ ᠶᠢᠨ ᠲᠣᠭᠲᠠᠭᠤᠨ ᠡᠷᠭᠢᠯᠲᠡ ᠶᠢ ᠪᠠᠲᠤᠯᠠᠬᠤ ᠨᠢ ᠲᠦᠢᠯ ᠤᠨ ᠴᠢᠬᠤᠯᠠ ᠶᠤᠮ᠃      ᠯᠢ ᠺᠧ ᠴᠢᠶᠠᠩ     ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠲᠤᠤᠷ᠎ᠠ᠂ ᠪᠦᠬᠦ ᠤᠯᠤᠰ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ ᠣᠳᠣᠬᠠᠨ ᠤ ᠬᠦᠴᠢᠷ ᠪᠡᠷᠬᠡᠰᠢᠶᠡᠯ ᠢ ᠯᠠᠪᠳᠠᠢ ᠢᠯᠠᠨ ᠳᠠᠪᠠᠵᠤ ᠴᠢᠳᠠᠬᠤ ᠶᠤᠮ᠃ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠨ᠎ᠡ᠃ ᠳᠤᠮᠳᠠᠳᠤ ᠤᠯᠤᠰ ᠤᠨ ᠠᠵᠤ ᠠᠬᠤᠶ ᠲᠣᠭᠲᠠᠭᠤᠨ ᠪᠠᠶᠢᠳᠠᠯ ᠢᠶᠠᠨ ᠪᠠᠲᠤᠯᠠᠵᠤ᠂ ᠦᠨᠳᠦᠰᠦᠨ ᠦᠨ᠎ᠡ ᠬᠠᠩᠰᠢ ᠶᠢ ᠲᠤᠬᠳᠠᠭᠤᠨ ᠪᠠᠶᠢᠯᠭᠠᠵᠤ᠂ ᠲᠡᠷᠡ ᠴᠢᠭ ᠢᠶᠠᠷ ᠢᠶᠠᠨ ᠳᠠᠷᠤᠶ ᠳᠡᠯᠡᠬᠡᠶ ᠳ᠋ᠠᠬᠢᠨ ᠳᠤ ᠦᠵᠡᠭᠦᠯᠦᠭᠰᠡᠨ ᠬᠤᠪᠢ ᠨᠡᠮᠡᠷᠢ ᠪᠣᠯᠬᠤ ᠮᠥᠷᠲᠡᠭᠡᠨ ᠲᠡᠯᠡᠭᠡᠢ ᠶᠢᠨ ᠠᠵᠤ ᠠᠬᠤᠶ ᠶᠢᠨ ᠨᠡᠮᠡᠭᠳᠡᠯ ᠢ ᠰᠡᠷᠭᠦᠭᠡᠬᠦ᠂ ᠬᠥᠭᠵᠢᠯᠲᠡ ᠶᠢ ᠪᠡᠶᠡᠯᠡᠭᠦᠯᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠪᠣᠯᠤᠨ᠎ᠠ᠃ ᠪᠠᠶᠠᠷᠯᠠᠯ᠎ᠠ᠃    ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶᠠᠨ ᠤ ᠲᠥᠪ ᠲᠧᠯᠸᠢᠰ ᠤᠨ ᠰᠤᠷᠪᠤᠯᠵᠢᠯᠠᠭᠴᠢ    ᠶᠡᠷᠦᠩᠬᠡᠶ ᠰᠠᠶᠢᠳ ᠰᠠᠶᠢᠨ ᠤᠤ︕ ᠲᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠡᠨᠡ ᠵᠢᠯ ᠤᠨ ᠳᠤᠮᠳᠠᠳᠤ ᠤᠯᠤᠰ ᠤᠨ ᠠᠵᠤ ᠠᠬᠤᠶ ᠶᠢᠨ ᠲᠦᠷᠦ ᠶᠢᠨ ᠪᠤᠳᠤᠯᠭ᠎ᠠ ᠪᠠ ᠠᠪᠤᠷᠠᠨ ᠲᠤᠰᠠᠯᠠᠬᠤ ᠬᠡᠪᠴᠢᠶ᠎ᠡ ᠶᠢ ᠲᠣᠳᠣᠷᠬᠠᠶᠢᠯᠠᠨ ᠥᠭᠦᠯᠡᠵᠡᠶ᠃ ᠲᠡᠭᠡᠪᠡᠯ ᠵᠠᠰᠠᠭ ᠤᠨ ᠣᠷᠳᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠪᠠᠶᠢᠭᠠᠳ ᠡᠳᠡᠭᠡᠷ ᠪᠡᠯᠡ ᠮᠥᠩᠭᠦ ᠶᠢ ᠠᠵᠤ ᠠᠬᠤᠶᠢᠯᠠᠯ ᠳᠤ ᠵᠢᠩᠬᠢᠨᠢ ᠠᠰᠢᠭ ᠬᠦᠷᠲᠡᠭᠡᠬᠦ ᠪᠤᠢ︖ ᠬᠤᠭᠤᠰᠣᠨ ᠡᠷᠭᠢᠬᠦ ᠠᠴᠠ ᠵᠠᠶᠢᠯᠠᠰᠬᠢᠬᠤ ᠪᠤᠢ︖ ᠪᠠᠰᠠ ᠮᠠᠨ ᠤ ᠡᠩ ᠤᠨ ᠠᠷᠠᠳ ᠲᠦᠮᠡᠨ ᠳᠤ ᠦᠨᠡᠨ ᠪᠣᠳᠠᠲᠠᠶ ᠲᠥᠷᠥᠭᠳᠡᠯ ᠥᠭᠭᠦᠨ᠎ᠡ᠃     ᠯᠢ  ᠺᠧ ᠴᠢᠶᠠᠩ    ᠡᠨᠡ ᠪᠣᠯ ᠨᠢᠭᠡ ᠤᠳᠠᠭᠠᠨ ᠤ ᠤᠷᠢᠳ ᠡᠮᠦᠨ᠎ᠡ ᠭᠠᠷᠤᠭ᠎ᠠ ᠦᠭᠡᠢ ᠳᠠᠭᠠᠷᠢᠯᠲᠠ ᠮᠥᠨ᠂ ᠪᠢᠳᠡ ᠬᠥᠩᠭᠡᠨ ᠵᠠᠮ ᠢᠶᠠᠷ ᠶᠠᠪᠤᠵᠤ ᠴᠢᠳᠠᠬᠤ ᠦᠭᠡᠢ᠂ ᠵᠥᠪᠬᠡᠨ ᠶᠡᠭᠡ ᠲᠡᠷᠭᠡ ᠬᠦᠴᠢᠷ ᠵᠠᠮ ᠢᠶᠠᠷ ᠶᠠᠪᠤᠵᠤ ᠪᠣᠯᠤᠨ᠎ᠠ᠃ ᠡᠶᠢᠮᠦ ᠠᠴᠠ ᠪᠢᠳᠡ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠢ ᠴᠢᠬᠤᠯᠠᠴᠢᠯᠠᠬᠤ ᠬᠡᠷᠡᠭᠳᠡᠢ᠃ ᠮᠠᠨ ᠤ ᠭᠠᠷᠭᠠᠭᠰᠠᠨ ᠬᠡᠪᠴᠢᠶᠡᠵᠢᠭᠰᠡᠨ ᠴᠢᠨᠠᠷᠲᠠᠶ ᠲᠥᠷᠥ ᠶᠢᠨ ᠪᠣᠳᠣᠯᠭ᠎ᠠ ᠨᠢ ᠬᠦᠴᠢᠷᠳᠡᠯ ᠢ ᠨᠠᠮᠳᠠᠭᠤᠯᠬᠤ ᠪᠠ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠂ ᠠᠵᠢᠯ ᠣᠯᠭᠤᠯᠲᠠ ᠶᠢ  ᠲᠤᠬᠳᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠶᠢ ᠴᠢᠬᠤᠯᠠᠴᠢᠯᠠᠳᠠᠭ᠃ ᠡᠨᠡ ᠨᠢ ᠭᠤᠣᠯᠳᠠᠭᠤ ᠦᠨᠳᠦᠰᠦᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠲᠦᠰᠢᠭᠯᠡᠬᠦ ᠶᠠᠪᠤᠳᠠᠯ ᠪᠢᠰᠢ᠃ ᠤᠴᠢᠷ ᠨᠢ ᠣᠳᠣ ᠳᠤᠮᠳᠠᠳᠤ ᠤᠯᠤᠰ ᠤᠨ ᠠᠵᠤ ᠠᠬᠤᠢ ᠶᠢᠨ ᠪᠦᠲᠦᠴᠡ ᠳᠤ ᠮᠠᠰᠢ ᠶᠡᠭᠡ ᠬᠤᠪᠢᠷᠠᠯᠲᠠ ᠭᠠᠷᠴᠤ᠂ ᠬᠡᠷᠡᠭᠯᠡᠭᠡ ᠨᠢ ᠠᠵᠤ ᠠᠬᠤᠶ ᠶᠢᠨ ᠨᠡᠮᠡᠭᠳᠡᠯ ᠤᠨ ᠳᠤᠮᠳᠠ ᠭᠤᠤᠯ ᠳᠠᠶᠢᠴᠢᠯᠠᠬᠤ ᠦᠢᠯᠡᠳᠦᠯ ᠦᠵᠡᠭᠦᠯᠵᠦ ᠪᠠᠶᠢᠬᠤ  ᠪᠦᠬᠡᠳ ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ ᠠᠵᠢᠯ ᠣᠯᠭᠤᠯᠲᠠ ᠶᠢ ᠰᠢᠩᠭᠡᠭᠡᠨ ᠠᠪᠬᠤ ᠶᠠᠪᠤᠴᠠ ᠳᠤ 90% ᠠᠴᠠ ᠳᠡᠭᠡᠭᠰᠢᠬᠢ ᠶᠢ ᠡᠵᠡᠯᠡᠵᠦ ᠪᠠᠶᠢᠨ᠎ᠠ᠃ ᠮᠠᠨ ᠤ ᠡᠨᠡ ᠤᠳᠠᠭᠠᠨ ᠤ ᠠᠪᠤᠭᠰᠠᠨ ᠬᠡᠪᠴᠢᠶᠡᠲᠦ ᠴᠢᠨᠠᠷᠲᠠᠶ ᠲᠥᠷᠥ ᠶᠢᠨ ᠪᠣᠳᠣᠯᠭ᠎ᠠ 70% ᠣᠷᠴᠢᠮ ᠤᠨ ᠪᠡᠯᠡ ᠮᠥᠩᠭᠦ ᠶᠢ ᠬᠡᠷᠡᠭᠯᠡᠭᠡᠳ ᠰᠠᠭᠤᠭᠠᠯᠢ ᠠᠷᠠᠳ ᠤᠨ ᠣᠷᠣᠯᠭ᠎ᠠ ᠶᠢ ᠨᠡᠯᠢᠶᠡᠳ ᠰᠢᠭᠤᠳ ᠲᠤᠯᠭᠠᠭᠤᠷᠢᠯᠠᠬᠤ ᠪᠣᠯᠤᠨ᠎ᠠ᠂ ᠤᠴᠢᠷ ᠨᠢ ᠢᠩᠭᠢᠵᠦ ᠬᠢᠪᠡᠯ ᠬᠡᠷᠡᠭᠯᠡᠭᠡ ᠶᠢ ᠠᠬᠢᠭᠤᠯᠵᠤ᠂ ᠵᠠᠬ᠎ᠠ ᠳᠡᠯᠭᠡᠭᠦᠷ ᠢ ᠲᠠᠶᠢᠴᠢᠯᠠᠵᠦ ᠴᠢᠳᠠᠨ᠎ᠠ᠃ ᠲᠡᠷᠡ ᠮᠥᠷᠲᠡᠭᠡᠨ ᠬᠢᠵᠢᠭ ᠤᠨ ᠪᠠᠶᠢᠳᠠᠯ ᠠᠴᠠ ᠪᠣᠯᠵᠤ᠂ ᠪᠢᠳᠡᠨ ᠳᠤ ᠮᠠᠰᠢ ᠶᠡᠭᠡ ᠬᠦᠴᠢᠷ ᠠᠰᠠᠭᠤᠳᠠᠯ ᠲᠤᠯᠭᠠᠷᠠᠵᠤ ᠪᠠᠶᠢᠨ᠎ᠠ᠂ ᠳᠠᠷᠤᠶ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠨᠢ ᠬᠡᠷᠡᠭᠯᠡᠭᠡ ᠶᠢ ᠬᠤᠷᠢᠭᠯᠠᠬᠤ ᠪᠣᠯᠤᠨ᠎ᠠ᠃ ᠪᠢᠳᠡ ᠡᠶᠢᠮᠦ ᠴᠢᠭᠯᠡᠯ ᠢᠶᠠᠷ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠠᠬᠢᠭᠤᠯᠬᠤ ᠨᠢ ᠮᠥᠨ ᠴᠦ ᠵᠠᠬ᠎ᠠ  ᠲᠡᠯᠭᠡᠭᠦᠷᠴᠢᠯᠡᠭᠰᠡᠨ ᠥᠭᠡᠷᠡᠴᠢᠯᠡᠯᠲᠡ ᠳᠤ ᠬᠠᠨᠳᠤᠭᠰᠠᠨ ᠶᠠᠪᠤᠳᠠᠯ ᠪᠣᠯᠤᠨ᠎ᠠ᠃     ᠯᠢ ᠺᠧ ᠴᠢᠶᠠᠩ     ᠳᠠᠷᠠᠭᠠᠯᠠᠪᠠᠯ᠂ ᠪᠢᠳᠡ ᠲᠦᠷᠦ ᠶᠢᠨ ᠪᠤᠳᠤᠯᠭ᠎ᠠ ᠪᠡᠯᠡ ᠮᠥᠩᠭᠦ ᠶᠢ ᠣᠷᠣᠨ ᠨᠤᠲᠤᠭ ᠲᠤ ᠰᠢᠭᠤᠳ ᠬᠦᠷᠭᠡᠵᠦ᠂ ᠦᠨᠳᠦᠰᠦᠨ ᠱᠠᠲᠤᠨ ᠳᠤ ᠰᠢᠭᠤᠳ ᠬᠦᠷᠭᠡᠵᠦ᠂ ᠠᠷᠠᠳ ᠤᠨ ᠠᠮᠢᠳᠤᠷᠠᠯ ᠳᠤ ᠰᠢᠭᠤᠳ ᠬᠦᠷᠭᠡᠬᠦ ᠬᠡᠷᠡᠭᠲᠡᠶ ᠭᠡᠵᠦ ᠴᠢᠬᠤᠯᠠᠴᠢᠯᠠᠪᠠ᠃ ᠰᠢᠨ᠎ᠡ ᠪᠠᠷ ᠨᠡᠮᠡᠭᠳᠡᠭᠰᠡᠨ ᠤᠯᠠᠭᠠᠨ ᠲᠤᠭ᠎ᠠ ᠪᠠ ᠬᠢᠵᠢᠭ ᠢ ᠡᠰᠡᠷᠭᠦᠴᠡᠬᠦ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠶᠢ ᠪᠦᠬᠦᠨ ᠢ ᠣᠷᠣᠨ ᠨᠤᠲᠤᠭ ᠲᠤ ᠰᠢᠯᠵᠢᠭᠦᠯᠦᠨ ᠥᠭᠴᠦ᠂ ᠮᠤᠵᠢ ᠳᠤ ᠮᠥᠨ ᠴᠦ ︽ᠵᠠᠮ ᠥᠩᠭᠡᠷᠡᠬᠦ ᠡᠳ᠋ ᠤᠨ ᠰᠠᠬᠢᠭᠤᠯᠰᠤᠨ︾ ᠦᠨᠳᠦᠰᠦᠨ ᠱᠠᠲᠤᠨ ᠳᠤ ᠰᠢᠭᠤᠳ  ᠬᠦᠷᠭᠡᠳᠡᠭ᠃ ᠦᠨᠳᠦᠰᠦᠨ ᠱᠠᠲᠤᠨ ᠳᠤ ᠡᠨᠡ ᠵᠣᠭᠤᠰ ᠢ ᠬᠡᠷᠡᠭᠯᠡᠵᠦ ᠪᠣᠯᠤᠨ᠎ᠠ ᠤᠤ ᠭᠡᠵᠦ ᠵᠠᠷᠢᠮ ᠬᠥᠮᠦᠨ ᠠᠰᠠᠭᠤᠵᠤ ᠮᠡᠳᠡᠨ᠎ᠡ᠃ ᠪᠢᠳᠡ ᠣᠳᠣ ᠨᠢᠭᠡᠨ ᠣᠨᠴᠠᠭᠠᠢ ᠰᠢᠯᠵᠢᠭᠦᠯᠦᠨ ᠥᠭᠬᠦ ᠲᠣᠭᠲᠠᠴᠠ ᠶᠢ ᠠᠪᠴᠤ᠂ ᠡᠳᠡᠭᠡᠷ ᠵᠣᠭᠤᠰ ᠢ ᠪᠦᠬᠦᠨ ᠢ ᠠᠵᠤ ᠠᠬᠤᠶᠢᠯᠠᠯ ᠣᠨᠴᠠᠭᠠᠶᠢᠯᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠣ‌‍ᠷᠣᠭᠤᠯᠵᠤ᠂ ᠨᠡᠶᠢᠭᠡᠮ ᠤᠨ ᠪᠠᠲᠤᠯᠠᠭ᠎ᠠ᠂ ᠨᠠᠭᠠᠳᠤ ᠵᠠᠬ᠎ᠠ ᠶᠢᠨ ᠪᠠᠲᠤᠯᠠᠭ᠎ᠠ᠂ ᠠᠵᠢᠯ ᠠᠯᠳᠠᠯᠲᠠ᠂ ᠨᠠᠰᠤᠵᠢᠯ ᠤᠨ ᠠᠰᠠᠷᠠᠮᠵᠢ ᠪᠣᠯᠤᠨ ᠣᠨᠴᠠ ᠬᠦᠴᠢᠷᠳᠡᠯᠲᠡᠶ ᠬᠥᠮᠦᠰ ᠤᠨ ᠪᠡᠶ᠎ᠡ ᠳᠡᠭᠡᠷ᠎ᠡ ᠪᠠᠭᠤᠯᠭᠠᠨ᠎ᠠ᠃ ᠦᠨᠡᠨ ᠨᠡᠷ᠎ᠡ ᠶᠢᠨ ᠳᠦᠷᠢᠮ ᠢ ᠲᠣᠭᠲᠠᠭᠠᠵᠤ᠂ ᠡᠳᠡᠭᠡᠷ ᠨᠢ ᠴᠥᠮ ᠪᠠᠶᠢᠴᠠᠭᠠᠬᠤ ᠳᠠᠩᠰᠠ ᠲᠠᠢ᠂ ᠬᠤᠳᠠᠯ ᠳᠠᠩᠰᠠ ᠬᠢᠵᠦ ᠤᠭᠲᠤ ᠪᠣᠯᠬᠤ ᠦᠭᠡᠢ᠂ ᠨᠢᠷᠤᠭᠤ ᠶᠢ ᠬᠤᠯᠠᠭᠤᠵᠤ ᠲᠤᠯᠭᠠᠭᠤᠷᠢ ᠶᠢ ᠰᠣᠯᠢᠵᠤ ᠶᠠᠭᠠᠬᠢᠭᠰᠠᠨ ᠴᠤ ᠪᠣᠯᠬᠤ ᠦᠭᠡᠢ᠃ ᠪᠢᠳᠡ ᠨᠠᠷᠢᠯᠢᠭ ᠪᠠᠶᠢᠴᠠᠭᠠᠬᠤ ᠪᠥᠭᠡᠳ ᠨᠡᠶᠢᠭᠡᠮ ᠤᠨ ᠬᠢᠨᠠᠯᠲᠠ ᠲᠠᠯᠪᠢᠬᠤ ᠶᠢ ᠴᠤ ᠪᠠᠶᠠᠷᠯᠠᠨ ᠤᠭᠲᠤᠨ᠎ᠠ᠃ ᠪᠢᠳᠡᠨ ᠤ ᠠᠪᠤᠭᠰᠠᠨ ᠠᠷᠭ᠎ᠠ ᠬᠡᠮᠵᠢᠶ᠎ᠡ ᠶᠢᠨ ᠡᠴᠦᠰ ᠤᠨ ᠦᠷ᠎ᠡ ᠪᠦᠲᠦᠮᠵᠢ ᠶᠢ ᠵᠠᠬ᠎ᠠ ᠳᠡᠯᠭᠡᠭᠦᠷ ᠤᠨ ᠪᠡᠶᠡᠴᠢ ᠴᠤᠬᠴᠠ ᠪᠠ ᠠᠷᠠᠳ ᠤᠯᠠᠨ ᠳᠤ ᠮᠡᠳᠡᠷᠡᠭᠦᠯᠬᠦ ᠬᠡᠷᠡᠭᠲᠡᠶ᠃ ᠲᠥᠪ ᠵᠠᠰᠠᠭ ᠤᠨ ᠣᠷᠳᠣᠨ ᠡᠨᠡ ᠤᠳᠠᠭ᠎ᠠ ᠲᠦᠷᠦᠭᠦᠯᠡᠨ ᠠᠷᠪᠢᠯᠠᠨ ᠭᠠᠮᠨᠠᠵᠤ᠂ ᠪᠢᠳᠡ ᠲᠥᠪ ᠤᠨ ᠰᠠᠯᠠᠭ᠎ᠠ ᠮᠥᠴᠢᠷ ᠤᠨ ᠪᠠᠴᠢᠮ ᠬᠡᠷᠡᠭᠴᠡᠭᠡᠨ ᠤ ᠪᠤᠰᠤ ᠲᠣᠭᠲᠠᠮᠠᠯ ᠪᠤᠰᠤ ᠵᠠᠷᠤᠯᠭ᠎ᠠ ᠶᠢ ᠬᠠᠭᠠᠰ ᠠᠴᠠ ᠳᠡᠭᠡᠭᠰᠢ ᠪᠠᠭᠠᠰᠬᠠᠵᠤ᠂ ᠪᠡᠯᠡ ᠮᠥᠩᠭᠦ ᠶᠢ ᠦᠨᠳᠦᠰᠦᠨ ᠱᠠᠲᠤᠨ ᠤ ᠠᠵᠤ ᠠᠬᠤᠶᠢᠯᠠᠯ ᠪᠠ ᠠᠷᠠᠳ ᠤᠨ ᠠᠮᠢᠳᠤᠷᠠᠯ ᠳᠤ ᠰᠢᠯᠵᠢᠭᠦᠯᠦᠨ ᠬᠡᠷᠡᠭᠯᠡᠭᠦᠯᠪᠡ᠃ ᠡᠯ᠎ᠡ ᠱᠠᠲᠤᠨ ᠤ ᠵᠠᠰᠠᠭ ᠤᠨ ᠣᠷᠳᠣᠨ ᠴᠥᠮ ᠠᠷᠪᠢᠯᠠᠨ ᠭᠠᠮᠨᠠᠵᠤ ᠠᠮᠢᠳᠤᠷᠠᠬᠤ ᠬᠡᠷᠡᠭᠲᠡᠶ᠂ ᠬᠡᠯᠪᠡᠷᠢ ᠶᠢᠨ ᠦᠵᠡᠯ ᠭᠠᠷᠭᠠᠵᠤ ᠵᠣᠭᠤᠰ ᠵᠠᠷᠤᠬᠤ ᠶᠠᠪᠤᠳᠠᠯ ᠢ ᠶᠡᠭᠡ ᠪᠠᠷ ᠬᠢᠵᠦ ᠤᠬᠳᠤ ᠪᠣᠯᠬᠤ ᠦᠭᠡᠢ᠃     ᠯᠢ ᠺᠧ ᠴᠢᠶᠠᠩ    ᠰᠠᠶ᠋ᠢ ᠪᠢ ᠬᠡᠷᠡᠭᠯᠡᠭᠡ ᠪᠠᠨ ᠥᠷᠭᠡᠳᠬᠡᠬᠦ ᠲᠤᠬᠠᠢ ᠨᠡᠯᠢᠶᠡᠳ ᠠᠷᠪᠢᠨ ᠶᠠᠷᠢᠭᠰᠠᠨ ᠶᠤᠮ᠃ ᠭᠡᠪᠡᠴᠦ ᠪᠡᠯᠡ ᠣᠷᠣᠭᠤᠯᠬᠤ ᠦᠭᠡᠢ ᠭᠡᠰᠡᠨ ᠬᠡᠷᠡᠭ ᠪᠢᠰᠢ᠂ ᠪᠢᠳᠡ ᠪᠠᠰᠠ ᠪᠦᠲᠦᠮᠵᠢᠲᠡᠶ ᠪᠡᠯᠡ ᠣᠷᠣᠭᠤᠯᠤᠯᠲᠠ ᠶᠢ ᠦᠷᠭᠡᠳᠭᠡᠬᠦ ᠬᠡᠷᠡᠭᠲᠡᠶ᠃ ᠡᠨᠡ ᠤᠳᠠᠭ᠎ᠠ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ 16000 ᠳ᠋ᠦᠩᠰᠢᠭᠤᠷ ᠲᠥᠭᠦᠷᠢᠭ ᠰᠢᠨ᠎ᠡ ᠪᠠᠷ ᠨᠡᠮᠡᠭᠳᠡᠭᠰᠡᠨ ᠤ ᠳᠡᠭᠡᠷ᠎ᠡ ᠪᠠᠰᠠ ᠵᠠᠷᠢᠮ ᠤᠯᠤᠰ ᠤᠨ ᠵᠢᠭᠡᠯᠡᠯᠭᠡ ᠶᠢ ᠨᠡᠮᠡᠵᠡᠶ᠃ 2 ᠲᠦᠮᠡᠨ ᠳ᠋ᠦᠩᠰᠢᠭᠤᠷ ᠲᠥᠭᠦᠷᠢᠭ ᠤᠨ ᠬᠡᠪᠴᠢᠶ᠎ᠡ ᠲᠠᠢ ᠪᠠᠶᠢᠬᠤ ᠨᠢ ᠬᠡᠪᠴᠢᠶᠡᠲᠦ ᠴᠢᠨᠠᠷᠲᠠᠶ ᠲᠦᠷᠦ ᠶᠢᠨ ᠪᠤᠳᠤᠯᠭ᠎ᠠ ᠶᠢᠨ ᠵᠠᠭᠤᠨ ᠤ ᠬᠤᠷᠢ ᠭᠤᠴᠢ ᠶᠢ ᠡᠵᠡᠯᠡᠵᠦ ᠪᠠᠶᠢᠨ᠎ᠠ᠃ ᠮᠠᠨ ᠤ ᠪᠡᠯᠡ ᠣᠷᠣᠭᠤᠯᠤᠯᠲᠠ ᠶᠢᠨ ᠭᠤᠣᠯᠳᠠᠯᠭ᠎ᠠ ᠪᠣᠯ ︽ᠬᠤᠶᠠᠷ ᠰᠢᠨ᠎ᠡ ᠨᠢᠭᠡ ᠬᠦᠨᠳᠦ︾ ᠪᠣᠯᠤᠨ᠎ᠠ᠂ ᠳᠠᠷᠤᠶ ᠰᠢᠨ᠎ᠡ ᠮᠠᠶ᠋ᠢᠭ ᠤᠨ ᠰᠠᠭᠤᠷᠢ ᠪᠡᠯᠡᠳᠬᠡᠮᠵᠢ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠠᠯᠲᠠ ᠪᠣᠯᠤᠨ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠳᠤ ᠬᠤᠯᠪᠣᠭᠳᠠᠬᠤ ᠴᠢᠬᠤᠯᠠ ᠶᠡᠭᠡ ᠲᠥᠷᠥᠯ ᠵᠦᠢᠯ ᠪᠣᠯᠬᠤ ᠮᠥᠷᠲᠡᠭᠡᠨ ᠥᠭᠡᠷᠡᠴᠢᠯᠡᠯᠲᠡ ᠶᠢᠨ ᠠᠷᠭ᠎ᠠ ᠶᠢ ᠬᠡᠷᠡᠭᠯᠡᠨ᠎ᠡ᠃ ᠡᠳᠡᠭᠡᠷ ᠪᠡᠯᠡ ᠮᠥᠩᠭᠦ ᠪᠠᠷ ᠨᠡᠶᠢᠭᠡᠮ ᠤᠨ ᠪᠡᠯᠡ ᠮᠥᠩᠭᠦ ᠶᠢᠨ ᠣᠷᠣᠭᠤᠯᠤᠯᠲᠠ ᠶᠢ ᠬᠥᠳᠡᠯᠭᠡᠨ᠎ᠡ᠃ ᠲᠥᠷᠥᠯ ᠵᠦᠢᠯ ᠨᠢ ᠦᠷ᠎ᠡ ᠠᠰᠢᠭ ᠲᠠᠢ᠂ ᠠᠴᠢ ᠬᠠᠷᠢᠭᠤᠯᠤᠯᠲᠠ ᠲᠠᠢ ᠪᠠᠶᠢᠵᠤ᠂ ᠰᠢᠨᠵᠢᠯᠡᠬᠦ ᠤᠬᠠᠭᠠᠨᠴᠢ ᠨᠤᠳᠠᠯᠠᠯ ᠬᠢᠵᠦ᠂ ᠵᠢᠮ᠎ᠡ ᠶᠣᠰᠣ ᠪᠠᠷ ᠠᠵᠢᠯᠯᠠᠪᠠᠯ᠂ ᠠᠷᠬᠠᠭ ᠦᠯᠡᠳᠡᠬᠦ ᠦᠬᠡᠢ᠂ ᠪᠠᠶᠠᠷᠯᠠᠯ᠎ᠠ     ᠳᠤᠮᠳᠠᠳᠤ ᠤᠯᠤᠰ ᠤᠨ ᠡᠳᠦᠷ ᠤᠨ ᠰᠣᠨᠢᠨ ᠤ ᠰᠤᠷᠪᠤᠯᠵᠢᠯᠠᠭᠴᠢ    ᠪᠢᠳᠡ ᠠᠩᠬᠠᠷᠴᠤ ᠣᠯᠤᠭᠰᠠᠨ ᠨᠢ᠂ ᠡᠨᠡ ᠵᠢᠯ ᠲᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠬᠤᠲᠠ ᠪᠠᠯᠭᠠᠰᠤᠨ ᠤ ᠰᠢᠨ᠎ᠡ ᠪᠠᠷ ᠠᠵᠢᠯ ᠣᠯᠬᠤ ᠬᠠᠷᠠᠯᠲᠠ ᠶᠢ ᠳᠣᠷᠣᠭᠰᠢᠯᠠᠭᠤᠯᠵᠤ᠂ ᠠᠵᠢᠯ ᠠᠯᠳᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠡᠶ᠃ ᠠᠵᠢᠯ ᠣᠯᠭᠤᠯᠲᠠ ᠶᠢᠨ ᠬᠦᠨᠳᠦ ᠬᠡᠴᠡᠭᠦᠤ ᠪᠠᠶᠢᠳᠠᠯ ᠤᠨ ᠡᠮᠦᠨ᠎ᠡ᠂ ᠶᠡᠷᠦᠩᠬᠡᠶ ᠰᠠᠶᠢᠳ ᠲᠠ ᠡᠨᠡ ᠵᠢᠯ ᠵᠠᠰᠠᠭ ᠤᠨ ᠣᠷᠳᠣᠨ ᠠᠵᠢᠯ ᠠᠯᠳᠠᠯᠲᠠ ᠶᠢᠨ ᠤᠷᠤᠰᠬᠠᠯ ᠢ ᠬᠡᠷᠬᠢᠨ ᠬᠤᠷᠢᠭᠯᠠᠬᠤ ᠪᠣᠶ︖ ᠣᠶᠤᠲᠠᠨ ᠪᠠ ᠬᠥᠯᠥᠰᠥᠨ ᠠᠵᠢᠯᠴᠢᠨ ᠢ ᠬᠡᠷᠬᠢᠨ ᠬᠠᠪᠰᠤᠷᠴᠤ ᠠᠵᠢᠯ ᠤᠯᠬᠤ ᠪᠤᠢ︖    ᠯᠢ ᠺᠧ ᠴᠢᠶᠠᠩ    ᠡᠨᠡ ᠵᠢᠯ ᠪᠢᠳᠡ ᠬᠤᠳᠠ ᠪᠠᠯᠭᠠᠰᠤᠨ ᠤ 900 ᠲᠦᠮᠡ ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠬᠤ ᠪᠠᠷ ᠲᠤᠬᠳᠠᠭᠠᠬᠰᠠᠨ ᠨᠢ ᠦᠨᠡᠬᠡᠷ ᠨᠢᠳᠤᠨᠤᠨ ᠤ ᠬᠢ ᠠᠴᠠ ᠳᠣᠤᠷ᠎ᠠ ᠪᠠᠶᠢᠨ᠎ᠠ᠂ ᠡᠨᠡ ᠬᠦ ᠬᠠᠷᠠᠯᠲᠠ ᠶᠢ ᠪᠡᠶᠡᠯᠡᠭᠦᠯᠬᠦ ᠳᠤ ᠵᠣᠬᠢᠬᠤ ᠬᠡᠮᠵᠢᠶᠡᠨ ᠤ ᠠᠵᠤ ᠠᠬᠤᠶ ᠶᠢᠨ ᠨᠡᠮᠡᠭᠳᠡᠯ ᠲᠠᠢ ᠪᠠᠶᠢᠬᠤ ᠬᠡᠷᠡᠭᠲᠡᠶ᠃ ᠪᠢᠳᠡ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠢ 6% ᠣᠷᠴᠢᠮ ᠢᠶᠠᠷ ᠲᠣᠭᠲᠠᠭᠠᠪᠠ᠃ ᠡᠨᠡ ᠵᠢᠯ ᠤᠨ 4 ᠰᠠᠷ᠎ᠠ ᠳᠤ ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠨᠢᠭᠡᠨᠲᠡ 6 % ᠪᠣᠯᠤᠭᠰᠠᠨ ᠪᠣᠯᠬᠤᠷ ᠪᠢᠳᠡ ᠮᠥᠨ ᠴᠦ ᠦᠨᠡᠨ ᠠᠴᠠ ᠵᠥᠪ ᠢ ᠡᠷᠢᠵᠦ ᠪᠠᠶᠢᠭ᠎ᠠ ᠶᠠᠪᠤᠳᠠᠯ ᠪᠣᠯᠤᠨ᠎ᠠ᠃    ᠯᠢ ᠺᠧ ᠴᠢᠶᠠᠩ    ᠠᠵᠢᠯ ᠣᠯᠭᠤᠯᠲᠠ ᠪᠣᠯ ᠬᠠᠮᠤᠭ ᠤᠨ ᠶᠡᠭᠡ ᠠᠷᠠᠳ ᠤᠨ ᠠᠮᠢᠳᠤᠷᠠᠯ ᠮᠥᠨ᠂ ᠨᠢᠭᠡ ᠭᠡᠷ ᠪᠦᠯᠢ ᠳᠤ ᠠᠪᠴᠤ ᠬᠡᠯᠡᠪᠡᠯ ᠡᠨᠡ ᠪᠣᠯ ᠲᠦᠢᠯ ᠤᠨ ᠶᠡᠭᠡ ᠶᠠᠪᠤᠳᠠᠯ ᠮᠥᠨ᠃ ᠡᠨᠡ ᠬᠡᠳᠦᠨ ᠡᠳᠦᠷ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠦᠯᠡᠳᠡᠭᠡᠭᠰᠡᠨ ᠦᠭᠡ ᠶᠢ ᠦᠵᠡᠭᠡᠳ ᠪᠠᠷᠤᠭ ᠭᠤᠷᠪᠠᠨ ᠤ ᠨᠢᠭᠡ ᠬᠤᠪᠢ ᠨᠢ ᠴᠥᠮ ᠠᠵᠢᠯ ᠤᠯᠬᠤ ᠲᠤᠬᠠᠶ ᠶᠠᠷᠢᠭᠰᠠᠨ ᠶᠤᠮ᠃ ᠲᠡᠭᠦᠨ ᠤ ᠳᠣᠲᠣᠷᠠᠬᠢ ᠨᠢᠭᠡ ᠬᠥᠯᠥᠰᠥᠨ ᠠᠵᠢᠯᠴᠢᠨ 50 ᠭᠠᠷᠤᠶ ᠨᠠᠰᠤᠯᠠᠵᠦ᠂ ᠭᠠᠳᠠᠨ᠎ᠠ 30 ᠭᠠᠷᠤᠶ ᠵᠢᠯ ᠬᠥᠯᠥᠰᠥᠨ ᠠᠵᠢᠯ ᠬᠢᠵᠦ᠂ ᠵᠢᠯ ᠪᠦᠷᠢ ᠡᠶᠢᠮᠦ ᠪᠠᠶᠢᠳᠠᠭ᠂ ᠭᠡᠪᠡᠴᠦ ᠡᠨᠡ ᠵᠢᠯ ᠪᠠᠰᠠ ᠠᠵᠢᠯ ᠣᠯᠤᠭᠠᠳᠤᠶ᠂ ᠪᠦᠬᠦ ᠭᠡᠷ ᠢᠶᠠᠷ ᠢᠶᠠᠨ ᠬᠦᠴᠢᠷᠳᠡᠯ ᠳᠤ ᠲᠤᠯᠭᠠᠷᠠᠵᠠᠶ᠃ ᠪᠠᠰᠠ ᠵᠠᠷᠢᠮ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠨᠢᠭᠡᠨᠲᠡ ᠠᠵᠢᠯ ᠢᠶᠠᠨ ᠵᠣᠭᠰᠣᠭᠠᠳ ᠬᠡᠳᠦᠨ ᠰᠠᠷ᠎ᠠ ᠪᠤᠯᠵᠤ ᠪᠠᠶᠢᠨ᠎ᠠ᠃ ᠵᠠᠷᠢᠮ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠤᠳᠤ ᠵᠠᠬᠢᠶᠠᠯᠠᠭ᠎ᠠ ᠶᠢᠨ ᠬᠠᠭᠤᠳᠠᠰᠤ ᠪᠠᠶᠢᠬᠤ ᠦᠭᠡᠢ᠂ ᠠᠵᠢᠯᠳᠠᠨ ᠤ ᠠᠵᠢᠯ ᠤᠯᠬᠤ ᠶᠢ ᠨᠥᠯᠥᠭᠡᠯᠡᠵᠦ ᠪᠠᠶᠢᠨ᠎ᠠ᠃ ᠳᠡᠳᠡᠨ ᠤ ᠬᠦᠴᠢᠷᠳᠡᠯ ᠢ ᠪᠢᠳᠡ ᠠᠪᠤᠷᠠᠨ ᠲᠤᠰᠠᠯᠠᠬᠤ ᠬᠡᠷᠡᠭᠲᠡᠶ᠂ ᠭᠡᠪᠡᠴᠦ ᠦᠨᠳᠦᠰᠦᠨ ᠠᠴᠠ ᠨᠢ ᠠᠪᠴᠤ ᠬᠡᠯᠡᠪᠡᠯ ᠬᠠᠰᠢᠯᠠ ᠳᠡᠳᠡᠨ ᠢ ᠬᠠᠪᠰᠤᠷᠴᠤ ᠠᠵᠢᠯ ᠣᠯᠭᠤᠬᠤ ᠬᠡᠷᠡᠭᠲᠡᠶ᠃ ᠳᠤᠮᠳᠠᠳᠤ ᠤᠯᠤᠰ ᠲᠤ 9 ᠳ᠋ᠦᠩᠰᠢᠭᠤᠷ ᠬᠥᠳᠡᠯᠮᠦᠷᠢ ᠬᠦᠴᠦᠨ ᠲᠠᠢ᠂ ᠠᠵᠢᠯ ᠣᠯᠭᠤᠯᠲᠠ ᠦᠭᠡᠢ ᠪᠣᠯ ᠵᠥᠪᠬᠡᠨ 9 ᠳ᠋ᠦᠩᠰᠢᠭᠤᠷ ᠬᠤᠭᠤᠯᠠ ᠢᠳᠡᠬᠦ ᠠᠮᠠ ᠲᠡᠳᠦᠢ᠂ ᠠᠵᠢᠯ ᠣᠯᠭᠤᠯᠲᠠ ᠲᠠᠢ ᠪᠤᠯ 9 ᠳ᠋ᠦᠩᠰᠢᠭᠤᠷ ᠬᠤᠣᠰ ᠶᠡᠭᠡ ᠡᠳ᠋ ᠪᠠᠶᠠᠯᠢᠭ ᠢ ᠪᠦᠲᠦᠭᠡᠵᠦ ᠴᠢᠳᠠᠬᠤ ᠭᠠᠷ ᠶᠤᠮ᠃      ᠯᠢ ᠺᠧ ᠴᠢᠶᠠᠩ    ᠣᠳᠣ ᠪᠠᠶᠢᠭ᠎ᠠ ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠬᠤ ᠶᠢᠨ ᠲᠥᠯᠥᠭᠡ᠂ ᠲᠦᠷᠦ ᠶᠢᠨ ᠪᠤᠳᠤᠯᠭ᠎ᠠ ᠶᠢ ᠴᠢᠳᠠᠬᠤ ᠶᠢᠨ ᠴᠢᠨᠡᠭᠡ ᠪᠠᠷ ᠬᠡᠷᠡᠭᠯᠡᠵᠦ ᠪᠣᠯᠤᠨ᠎ᠠ ᠭᠡᠵᠦ ᠬᠡᠯᠡᠵᠦ ᠪᠣᠯᠤᠨ᠎ᠠ᠂ ᠤᠷᠤᠭᠤᠯᠤᠬᠰᠠᠨ ᠵᠣᠭᠤᠰ ᠪᠣᠯ ᠬᠠᠮᠤᠭ ᠤᠨ ᠠᠷᠪᠢᠨ ᠶᠤᠮ᠃ ᠮᠠᠨ ᠤ ᠬᠡᠪᠴᠢᠶᠡᠵᠢᠭᠰᠡᠨ ᠴᠢᠨᠠᠷᠲᠠᠶ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠶᠢ ᠦᠨᠳᠦᠰᠦᠨ ᠱᠠᠲᠤᠨ ᠳᠤ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠳᠤ ᠬᠡᠷᠡᠭᠯᠡᠬᠦ ᠶᠢ ᠵᠥᠪᠰᠢᠶᠡᠷᠡᠬᠦ ᠪᠥᠭᠡᠳ ᠠᠵᠤ ᠠᠬᠤᠶᠢᠯᠠᠯ ᠤᠨ ᠭᠡᠷ ᠤᠨ ᠲᠦᠷᠢᠶᠡᠰᠦ ᠶᠢ ᠬᠥᠩᠭᠡᠯᠡᠬᠦ᠂ ᠬᠦᠤ ᠮᠥᠩᠭᠦ ᠨᠥᠬᠦᠪᠥᠷᠢᠯᠡᠬᠦ ᠳᠤ ᠬᠡᠷᠡᠭᠯᠡᠬᠦ ᠶᠢ ᠵᠥᠪᠰᠢᠶᠡᠷᠡᠨ᠎ᠡ᠃ ᠠᠪᠬᠤ ᠠᠷᠭ᠎ᠠ ᠬᠡᠮᠵᠢᠶ᠎ᠡ ᠪᠣᠯ ᠳᠠᠷᠤᠶ ᠠᠵᠤ ᠠᠬᠤᠶᠢᠯᠠᠯ ᠢ ᠲᠣᠭᠲᠠᠪᠤᠷᠢᠵᠢᠭᠤᠯᠵᠤ᠂ ᠠᠵᠢᠯ ᠤᠨ ᠪᠠᠶᠢᠷᠢ ᠶᠢ ᠪᠠᠳᠤᠯᠠᠵᠦ ᠴᠢᠳᠠᠨ᠎ᠠ᠂ ᠭᠡᠪᠡᠴᠦ ᠲᠥᠪ ᠭᠤᠤᠯᠴᠢ ᠵᠦᠶ ᠵᠣᠬᠢᠰᠲᠠᠶ ᠪᠠᠶᠢᠯᠭᠠᠬᠤ ᠬᠡᠷᠡᠭᠳᠡᠢ᠃ ᠲᠡᠷᠡ ᠮᠥᠷᠲᠡᠭᠡᠨ ᠪᠢᠳᠡ ᠪᠠᠰᠠ ᠠᠵᠤ ᠠᠬᠤᠶᠢᠯᠠᠯ ᠢ ᠲᠤᠰᠠᠯᠠᠵᠤ ᠪᠠᠶᠢᠭᠠᠳ ᠠᠵᠢᠯ ᠤᠨ ᠪᠠᠶᠢᠷᠢ ᠶᠢ ᠲᠣᠭᠲᠠᠭᠤᠨ ᠪᠤᠯᠭᠠᠬᠤ ᠲᠥᠷᠥ ᠶᠢᠨ ᠪᠣᠳᠣᠯᠭ᠎ᠠ ᠠᠪᠴᠤ᠂ ᠡᠨᠡ ᠵᠢᠯ ᠪᠠ ᠢᠷᠡᠬᠦ ᠵᠢᠯ ᠳᠤ 3500 ᠲᠦᠮᠡᠨ ᠬᠥᠮᠦᠨ ᠤᠳᠠᠭ᠎ᠠ ᠠᠵᠢᠯ ᠠᠯᠳᠠᠯᠲᠠ ᠶᠢᠨ ᠳᠠᠭᠠᠳᠬᠠᠯ ᠤᠨ ᠦᠯᠡᠳᠡᠪᠦᠷᠢ ᠪᠠᠷ ᠳᠠᠮᠵᠢᠭᠤᠯᠤᠨ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠬᠢᠵᠦ ᠂ ᠲᠡᠳᠡᠨ ᠳᠤ ᠨᠠᠮᠳᠠᠭᠤᠯᠬᠤ ᠲᠣᠬᠢᠶᠠᠯ ᠣᠯᠭᠤᠬᠤ ᠪᠣᠯᠤᠨ᠎ᠠ᠃ ᠠᠵᠢᠯ ᠠᠯᠳᠠᠭᠰᠠᠨ ᠴᠤ ᠣᠬᠤᠷ ᠬᠤᠭᠤᠴᠠᠭᠠᠨ ᠤ ᠳᠣᠲᠣᠷ᠎ᠠ ᠲᠠᠬᠢᠨ ᠠᠵᠢᠯ ᠤᠯᠬᠤ ᠲᠣᠬᠢᠶᠠᠯ ᠪᠠᠶᠢᠬᠤ ᠬᠡᠷᠡᠭᠲᠡᠶ᠃    ᠯᠢ ᠺᠧ ᠴᠢᠶᠠᠩ    ᠡᠭᠦᠨ ᠤ ᠬᠠᠮᠲᠤ ᠪᠠᠰᠠ ᠨᠡᠩ ᠤᠯᠠᠨ ᠰᠢᠨ᠎ᠡ ᠠᠵᠢᠯ ᠤᠨ ᠪᠠᠶᠢᠷᠢ ᠶᠢ ᠪᠤᠢ ᠪᠣᠯᠭᠠᠬᠤ ᠬᠡᠷᠡᠭᠲᠡᠶ᠃ ᠤᠳᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠥᠷᠨᠢᠩᠭᠦᠶ ᠬᠥᠭᠵᠢᠵᠦ᠂ ᠪᠠᠷᠤᠭ 1 ᠳ᠋ᠦᠩᠰᠢᠭᠤᠷ ᠬᠥᠮᠦᠨ ᠠᠵᠢᠯ ᠣᠯᠵᠤ᠂ ᠮᠠᠨ ᠤ ᠡᠳᠦᠷ ᠤᠨ ᠬᠦᠴᠦᠨ ᠤ ᠠᠵᠤ ᠠᠬᠤᠶ ᠴᠤ 2 ᠳ᠋ᠦᠩᠰᠢᠭᠤᠷ ᠬᠥᠮᠦᠨ ᠠᠵᠢᠯ ᠣᠯᠵᠤ ᠪᠠᠶᠢᠨ᠎ᠠ᠃ ᠨᠠᠩ ᠣᠯᠠᠨ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠠᠪᠴᠤ᠂ ᠲᠡᠷᠡᠴᠢᠯᠡᠨ ᠠᠷᠭ᠎ᠠ ᠬᠡᠮᠵᠢᠶ᠎ᠡ ᠠᠪᠴᠤ ᠪᠠᠶᠢᠭᠠᠳ ᠲᠡᠳᠡᠭᠡᠷ ᠵᠦᠶ ᠵᠤᠬᠢᠰ ᠦᠭᠡᠢ ᠬᠡᠪ ᠵᠤᠷᠰᠢᠯ ᠢ ᠡᠪᠳᠡᠵᠦ᠂ ᠨᠡᠩ ᠤᠯᠠᠨ ᠰᠢᠨ᠎ᠡ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠪᠤᠶᠢᠵᠢᠭᠤᠯᠬᠤ ᠬᠡᠷᠡᠭᠲᠡᠶ᠃ ᠨᠢᠳᠤᠨᠤᠨ ᠵᠢᠯ ᠪᠢᠳᠡ ᠳᠤᠮᠳᠠᠴᠢ ᠪᠠᠷ ᠡᠳᠦᠷ ᠪᠦᠷᠢ ᠴᠡᠪᠡᠷ ᠨᠡᠮᠡᠭᠳᠡᠭᠰᠡᠨ ᠠᠵᠦ ᠠᠬᠤᠶᠢᠯᠠᠯ 1 ᠲᠦᠮᠡᠨ ᠡᠷᠦᠬᠡ ᠪᠠᠶᠢᠵᠦ᠂ ᠡᠨᠡ ᠵᠢᠯ ᠪᠠᠰᠠ ᠡᠨᠡ ᠴᠢᠭᠯᠡᠯ ᠢᠶᠠᠷ ᠴᠢᠷᠮᠠᠶᠢᠬᠤ ᠬᠡᠷᠡᠭᠲᠡᠶ᠃    ᠯᠢ ᠺᠧ ᠴᠢᠶᠠᠩ    ᠠᠷᠠᠳ ᠤᠯᠠᠨ ᠤ ᠳᠣᠲᠣᠷ᠎ᠠ ᠬᠢᠵᠠᠭᠠᠯᠠᠰᠢ ᠦᠭᠡᠢ ᠪᠦᠲᠦᠭᠡᠯᠴᠢ ᠬᠦᠴᠦᠨ ᠪᠠᠶᠢᠳᠠᠭ᠃ ᠥᠭᠡᠷᠡᠴᠢᠯᠡᠯᠲᠡ ᠨᠡᠬᠡᠬᠡᠯᠳᠡ ᠶᠢᠨ ᠡᠬᠢᠨ ᠤ ᠦᠶ᠎ᠡ ᠶᠢ ᠡᠷᠭᠢᠴᠡᠭᠦᠯᠬᠦᠶ᠎ᠡ᠂ ᠦᠯᠡᠮᠵᠢ ᠤᠯᠠᠨ ᠰᠡᠬᠡᠭᠡᠲᠡᠳ ᠬᠤᠳᠠ ᠳᠤ ᠪᠤᠴᠠᠵᠤ ᠢᠷᠡᠭᠰᠡᠨ ᠪᠠ ᠨᠢᠭᠡ ︽ᠲᠤᠮᠤ ᠠᠶᠠᠭᠠᠳᠤ ᠴᠠᠢ︾ ᠨᠢ ᠬᠡᠴᠢᠨᠡᠨ ᠬᠥᠮᠦᠨ ᠤ ᠠᠵᠢᠯ ᠣᠯᠭᠤᠯᠲᠠ ᠶᠢ ᠰᠢᠢᠳᠪᠦ‌‍ᠷᠢᠯᠡᠭᠰᠡᠨ ᠪᠠᠶᠢᠨ᠎ᠠ᠃ ᠡᠮᠦᠨ᠎ᠡ ᠬᠤᠶᠠᠷ ᠭᠠᠷᠠᠭ ᠪᠢ ᠮᠡᠳᠡᠭᠡᠯᠡᠯ ᠢ ᠣᠯᠵᠤ ᠬᠠᠷᠠᠵᠠᠢ᠂ ᠮᠠᠨ ᠤ ᠪᠠᠷᠠᠭᠤᠨ ᠬᠡᠰᠡᠭ ᠲᠤ ᠨᠢᠭᠡ ᠬᠤᠲᠠ ᠪᠠᠶᠢᠨ᠎ᠠ᠃ ᠲᠤᠬᠠᠶ ᠶᠢᠨ ᠭᠠᠵᠠᠷ ᠤᠨ ᠵᠢᠷᠤᠮᠵᠢᠯ ᠢᠶᠠᠷ 3.6 ᠲᠦᠮᠡᠨ ᠶᠠᠪᠤᠭᠤᠯ ᠬᠤᠳᠠᠯᠳᠤᠭᠠᠴᠢᠨ ᠤ ᠳᠡᠯᠭᠡᠭᠦᠷ ᠭᠠᠷᠭᠠᠵᠠᠢ᠃ ᠡᠭᠦᠨ ᠤ ᠳ᠋ᠦᠩ ᠳᠤ ᠨᠢᠭᠡ ᠯᠡ ᠰᠥᠨᠢ ᠶᠢᠨ ᠬᠤᠭᠤᠷᠣᠨᠳᠣ 10 ᠲᠦᠮᠡᠨ ᠬᠥᠮᠦᠨ ᠳᠤ ᠠᠵᠢᠯ ᠣᠯᠭᠤᠪᠠ᠃ ᠳᠤᠮᠳᠠᠳᠤ ᠤᠯᠤᠰ ᠤᠨ ᠠᠷᠠᠳ ᠲᠦᠮᠡᠨ ᠪᠣᠯ ᠠᠵᠢᠯᠴᠢ ᠬᠥᠳᠡᠯᠮᠦᠷᠢᠴᠢ ᠪᠠᠶᠢᠳᠠᠭ ᠪᠥᠭᠡᠳ ᠳᠤᠮᠳᠠᠳᠤ ᠤᠯᠤᠰ ᠤᠨ ᠵᠠᠬ᠎ᠠ ᠳᠡᠯᠭᠡᠭᠦᠷ ᠢ ᠴᠦ ᠲᠡᠰᠦᠷᠡᠯᠳᠠ ᠤᠢᠭᠡᠢ ᠨᠡᠭᠡᠭᠡᠨ ᠬᠥᠭᠵᠢᠭᠦᠯᠵᠦ ᠲᠡᠰ ᠳᠡᠪᠰᠢᠭᠦᠯᠵᠦ ᠪᠠᠶᠢᠳᠠᠭ᠃ ᠬᠡᠯᠡᠯᠭᠡᠨ ᠦᠭᠡᠢ᠂ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠳᠤ ᠪᠢᠳᠡ ᠭᠤᠤᠯᠳᠠᠯᠭ᠎ᠠ ᠲᠠᠢ ᠲᠡᠳᠬᠦᠬᠦ ᠲᠦᠷᠦ ᠶᠢᠨ ᠪᠣᠳᠣᠯᠭ᠎ᠠ ᠲᠠᠢ᠂ ᠡᠨᠡ ᠵᠢᠯ ᠶᠡᠭᠡ ᠰᠤᠷᠭᠠᠭᠤᠯᠢ ᠲᠡᠭᠦᠰᠦᠭᠰᠡᠨ ᠤᠶᠤᠲᠠᠳ 874 ᠲᠦᠮᠡᠨ ᠬᠥᠮᠦᠨ ᠪᠠᠶᠢᠵᠦ ᠰᠢᠨ᠎ᠡ ᠶᠢ ᠡᠭᠦᠳᠴᠡᠶ᠃ ᠲᠡᠳᠡᠨ ᠢ ᠤᠳᠠᠰᠤ ᠨᠢ ᠲᠠᠰᠤᠷᠠᠬᠤ ᠦᠬᠡᠢ ᠴᠠᠭᠠᠰᠤᠨ ᠰᠢᠪᠠᠭᠤ ᠪᠣᠯᠭᠠᠶ᠎ᠠ ᠭᠡᠪᠡᠯ᠂ ᠡᠨᠡ ᠵᠢᠯ ᠪᠣᠯᠤᠨ ᠢᠷᠡᠬᠦ ᠵᠢᠯ ᠪᠦᠷ ᠦᠷᠭᠦᠯᠵᠢᠯᠡᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠬᠤ ᠬᠡᠷᠡᠭᠲᠡᠢ᠃ ᠬᠥᠯᠥᠰᠥᠨ ᠠᠵᠢᠯᠴᠢᠨ ᠳᠤ ᠠᠪᠴᠤ ᠬᠡᠯᠡᠪᠡᠯ᠂ ᠪᠠᠶᠢᠩᠭᠤ ᠰᠠᠭᠤᠭ᠎ᠠ ᠭᠠᠵᠠᠷ ᠴᠤ ᠲᠡᠷᠡ᠂ ᠨᠤᠲᠤᠭ ᠲᠠᠭᠠᠨ ᠪᠤᠴᠠᠭᠰᠠᠨ ᠴᠤ ᠲᠡᠷᠡ᠂ ᠴᠥᠮ ᠲᠡᠳᠡᠨ ᠳᠤ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠡᠭᠦᠳᠴᠦ ᠥᠭᠬᠦ ᠬᠡᠷᠡᠭᠲᠡᠢ᠃ ᠴᠡᠷᠢᠭ ᠠᠴᠠ ᠬᠠᠯᠠᠭᠳᠠᠭᠰᠠᠳ ᠲᠤ ᠲᠥᠪᠬᠢᠨᠡᠭᠦᠯᠬᠦ ᠲᠦᠷᠦ ᠶᠢᠨ ᠪᠤᠳᠤᠯᠭ᠎ᠠ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠪᠠᠶᠠᠷᠯᠠᠯ᠎ᠠ᠃     ᠰᠢᠩᠭᠠᠫᠣᠷ ᠤᠨ ᠬᠠᠮᠲᠤᠷᠠᠭᠰᠠᠨ ᠥᠷᠯᠥᠭᠡ ᠶᠢᠨ ᠰᠣᠨᠢᠨ ᠤ ᠰᠤᠷᠪᠤᠯᠵᠢᠯᠠᠭᠴᠢ    ᠶᠡᠷᠦᠩᠬᠡᠶ ᠰᠠᠶᠢᠳ‌‍ᠰᠠᠶᠢᠨ ᠤᠤ︖ ᠲᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠡᠭᠡᠨ ᠪᠦᠬᠦ ᠪᠥᠮᠪᠥᠷᠴᠡᠭ ᠤᠨ ᠬᠢᠵᠢᠭ ᠪᠣᠯᠤᠨ ᠠᠵᠤ ᠠᠬᠤᠶ ᠠᠷᠠᠯᠵᠢᠶᠠᠨ ᠤ ᠪᠠᠶᠢᠳᠠᠯ ᠤᠨ ᠲᠣᠭᠲᠠᠪᠤᠷᠢ ᠦᠭᠡᠶ ᠴᠢᠨᠠᠷ ᠠᠴᠠ ᠪᠣᠯᠵᠤ ᠳᠤᠮᠳᠠᠳᠤ ᠤᠯᠤᠰ ᠤᠨ ᠬᠥᠭᠵᠢᠯᠲᠡ ᠳᠤ ᠵᠠᠷᠢᠮ ᠲᠥᠰᠦᠭᠡᠯᠡᠬᠦᠶ᠎ᠡ ᠪᠡᠷᠬᠡ ᠨᠥᠯᠥᠭᠡᠯᠡᠬᠦ ᠬᠦᠴᠦᠨ ᠵᠦᠢᠯ ᠲᠤᠯᠭᠠᠷᠠᠵᠤ ᠪᠠᠶᠢᠨ᠎ᠠ ᠬᠡᠪᠡ᠃ ᠣᠳᠣᠬᠠᠨ ᠤ ᠳᠤᠮᠳᠠᠳᠤ ᠤᠯᠤᠰ ᠲᠤ ᠲᠤᠯᠭᠠᠷᠠᠵᠤ ᠪᠠᠶᠢᠭ᠎ᠠ ᠭᠠᠳᠠᠭᠠᠳᠤ ᠪᠠᠶᠢᠳᠠᠯ ᠤᠨ ᠲᠤᠬᠠᠶ ᠲᠠ ᠶᠠᠮᠠᠷ ᠮᠠᠭᠠᠳᠯᠠᠯ ᠲᠠᠢ ᠪᠤᠢ︖ ᠳᠤᠮᠳᠠᠳᠤ ᠤᠯᠤᠰ ᠭᠠᠳᠠᠭᠠᠳᠤ ᠣᠷᠴᠢᠨ ᠲᠣᠭᠤᠷᠢᠨ ᠤ ᠬᠤᠪᠢᠷᠠᠯᠲᠠ ᠶᠢ ᠬᠡᠷᠬᠢᠨ ᠠᠷᠭᠠᠴᠠᠬᠤ ᠪᠤᠢ︖ ᠡᠭᠦᠨ ᠠᠴᠠ ᠭᠠᠳᠠᠨ᠎ᠠ᠂ ᠪᠦᠬᠦ ᠪᠥᠮᠪᠥᠷᠴᠡᠭ ᠤᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠥᠷᠢᠰᠥᠯᠳᠦᠭᠡᠨ ᠪᠣᠯᠤᠨ ᠠᠵᠤ ᠠᠬᠤᠢ ᠶᠢᠨ ᠬᠦᠨᠳᠤ ᠨᠣᠴᠢᠲᠠᠢ ᠪᠠᠭᠤᠷᠠᠯᠲᠠ ᠶᠢᠨ ᠥᠷᠢᠰᠥᠯᠳᠦᠭᠡᠨ ᠳᠤ ᠳᠤᠮᠳᠠᠳᠤ ᠤᠯᠤᠰ ᠶᠠᠮᠠᠷ ᠦᠢᠯᠡᠳᠦᠯ ᠦᠵᠡᠭᠦᠯᠬᠦ ᠪᠤᠢ︖    ᠯᠢ ᠺᠧ ᠴᠢᠶᠠᠩ    ᠪᠢᠳᠡ ᠤᠷᠢᠳᠠᠪᠠᠷ ᠣᠳᠣᠬᠢ ᠶᠢᠷᠲᠢᠨᠴᠦ ᠶᠢᠨ ᠬᠤᠪᠢᠷᠠᠯᠲᠠ ᠶᠢ ᠦᠵᠡᠶ᠎ᠡ᠃ ᠡᠨᠡ ᠤᠳᠠᠭᠠᠨ ᠤ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠪᠦᠬᠦ ᠪᠥᠮᠪᠥᠷᠴᠡᠭ ᠤᠨ ᠶᠡᠭᠡ ᠲᠡᠯᠭᠡᠷᠡᠯᠳᠡ ᠨᠢ ᠳᠡᠯᠡᠬᠡᠶ ᠶᠢᠨ ᠬᠦᠨᠳᠦ ᠨᠣᠴᠢᠲᠠᠶ ᠳᠠᠭᠠᠷᠢᠯᠲᠠ ᠪᠣᠯᠵᠠᠶ᠃ ᠡᠨᠡ ᠨᠢ ᠯᠤᠲᠤ ᠶᠡᠭᠡ ᠨᠥᠯᠥᠭᠡ ᠦᠵᠡᠭᠦᠯᠦᠭᠰᠡᠨ ᠪᠠᠶᠢᠨ᠎ᠠ᠃ ᠤᠳᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠭᠰᠠᠨ ᠠᠴᠠ ᠪᠣᠯᠵᠤ᠂ ᠡᠯ᠎ᠡ ᠤᠯᠤᠰ ᠤᠨ ᠬᠤᠭᠤᠷᠣᠨᠳᠣᠬᠢ ᠰᠣᠯᠢᠯᠴᠠᠭ᠎ᠠ ᠬᠠᠮᠲᠤᠷᠠᠯᠴᠠᠭ᠎ᠠ ᠢᠯᠡᠳᠲᠡ ᠪᠠᠭᠠᠰᠴᠤ᠂ ᠬᠡᠷᠪᠡ ᠦᠷᠭᠦᠯᠵᠢᠯᠡᠨ ᠦᠷᠭᠦᠯᠵᠢᠯᠡᠬᠦ ᠳᠤ ᠬᠦᠷᠪᠡᠯ ᠳᠡᠯᠡᠬᠡᠢ ᠶᠢᠨ ᠠᠵᠤ ᠠᠬᠤᠢ ᠨᠡᠩ ᠬᠦᠨᠳᠦ ᠨᠣᠴᠢᠲᠠᠢ ᠮᠠᠭᠤᠳᠠᠬᠤ ᠪᠣᠯᠤᠨ᠎ᠠ᠂ ᠡᠨᠡ ᠪᠣᠯ ᠠᠶᠤᠯ ᠲᠠᠢ ᠶᠤᠮ᠃ ᠬᠡᠷᠪᠡ ᠳᠡᠯᠡᠬᠡᠶ ᠶᠢᠨ ᠠᠵᠤ ᠠᠬᠤᠶ ᠨᠡᠮᠡᠭᠳᠡᠯ ᠢᠶᠠᠨ ᠰᠡᠷᠭᠦᠭᠡᠵᠦ ᠴᠢᠳᠠᠬᠤ ᠦᠭᠡᠢ ᠪᠣᠯ ᠬᠤᠵᠢᠮ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠴᠦ ᠪᠡᠷᠬᠡ ᠪᠠᠶᠢᠵᠤ ᠮᠡᠳᠡᠨ᠎ᠡ᠃ ᠬᠢᠵᠢᠭ ᠤᠨ ᠪᠠᠶᠢᠳᠠᠯ ᠢ ᠡᠰᠡᠷᠭᠦᠴᠡᠬᠦ ᠶᠠᠪᠤᠴᠠ ᠳᠤ ᠣᠯᠠᠨ ᠨᠡᠶᠢᠲᠡ ᠶᠢᠨ ᠪᠦᠲᠦᠭᠡᠭᠳᠡᠬᠦᠨ᠂ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠭᠤᠨ ᠪᠠᠶᠢᠯᠭᠠᠬᠤ ᠵᠡᠷᠭᠡ ᠶᠢ ᠤᠨᠴᠠᠭᠠᠢ ᠭᠡᠷᠡᠭᠰᠡᠨ᠎ᠡ᠂ ᠬᠡᠷᠡᠭ ᠲᠡᠭᠡᠷ᠎ᠡ ᠪᠠᠨ ᠨᠡᠩ ᠢᠯᠡᠭᠦᠦ ᠨᠡᠬᠡᠬᠡᠯᠳᠡ ᠬᠢᠵᠦ᠂ ᠠᠷᠠᠯᠵᠢᠶ᠎ᠠ ᠪᠡᠯᠡ ᠣᠷᠣᠭᠤᠯᠤᠯᠲᠠ ᠶᠢᠨ ᠴᠢᠯᠥᠭᠡᠵᠢᠯᠲᠡ ᠪᠠ ᠳᠥᠭᠦ ᠮᠵᠢᠯᠲᠡ ᠶᠢ ᠠᠬᠢᠭᠤᠯᠬᠤ ᠴᠢᠬᠤᠯᠠᠲᠠᠢ᠃ ᠢᠩᠭᠢᠪᠡᠯ ᠪᠢᠳᠡ ᠰᠠᠶ᠋ᠢ ᠬᠢᠵᠢᠭ ᠤᠨ ᠪᠠᠶᠢᠳᠠᠯ ᠢ ᠬᠠᠮᠲᠤ ᠪᠠᠷ ᠢᠯᠠᠨ ᠳᠠᠪᠠᠵᠤ᠂ ᠬᠤᠬᠢᠷᠠᠯ ᠢ ᠬᠠᠮᠤᠭ ᠤᠨ ᠪᠠᠭ᠎ᠠ ᠪᠣᠯᠭᠠᠵᠤ ᠴᠢᠳᠠᠨ᠎ᠠ᠃     ᠯᠢ ᠺᠧ ᠴᠢᠶᠠᠩ    ᠬᠠᠭᠠᠯᠭ᠎ᠠ ᠪᠠᠨ ᠲᠦᠭᠵᠢᠭᠡᠳ ᠬᠦᠭᠵᠢᠵᠦ ᠲᠠᠶᠢᠯᠬᠦ ᠦᠭᠡᠢ ᠶᠤᠮ᠂ ᠲᠠᠷᠢᠶᠠᠯᠠᠬᠤ ᠴᠠᠭ ᠦᠶ᠎ᠡ ᠳᠤ ᠪᠤᠴᠠᠬᠤ ᠪᠣᠯᠤᠨ᠎ᠠ᠃ ᠳᠤᠮᠳᠠᠳᠤ ᠤᠯᠤᠰ ᠭᠠᠳᠠᠭᠠᠳᠤ ᠲᠠᠢ ᠴᠢᠯᠥᠭᠡᠲᠡᠢ ᠶᠠᠪᠤᠯᠴᠠᠬᠤ ᠶᠢ ᠡᠷᠡᠰ ᠭᠤᠶᠢᠪᠢᠰᠢ ᠤᠢᠭᠡᠢ ᠪᠠᠷ ᠲᠦᠯᠬᠢᠠ ᠠᠬᠢᠭᠤᠯᠪᠠ᠂ ᠡᠭᠦᠨ ᠢ ᠬᠤᠪᠢᠷᠠᠭᠤᠯᠬᠤ ᠤᠢᠭᠡᠢ ᠪᠥᠭᠡᠳ ᠬᠤᠪᠢᠷᠠᠭᠤᠯᠵᠤ ᠴᠤ ᠴᠢᠳᠠᠬᠤ ᠤᠢᠭᠡᠢ ᠶᠤᠮ᠃ ᠪᠢᠳᠡ ᠳᠡᠯᠡᠬᠡᠢ ᠳ᠋ᠠᠬᠢᠨ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ᠨᠡᠬᠡᠬᠡᠯᠳᠡ ᠶᠢ ᠬᠡᠷᠡᠭᠰᠡᠵᠦ ᠊ ᠤᠯᠠᠨ ᠥᠷᠭᠡᠳᠬᠡᠬᠦ ᠠᠷᠭ᠎ᠠ ᠬᠡᠮᠵᠢᠶ᠎ᠡ ᠶᠢ ᠪᠡᠶ᠎ᠡ ᠪᠠᠨ ᠳᠠᠭᠠᠭᠠᠵᠤ ᠨᠡᠶᠢᠲᠡᠯᠡᠬᠦ ᠪᠣᠯᠤᠨ᠎ᠠ᠃ ᠨᠡᠭᠡᠭᠡᠯᠳᠡ ᠬᠢᠬᠦ ᠨᠢ ᠡᠯ᠎ᠡ ᠤᠯᠤᠰ ᠲᠤ ᠠᠪᠴᠤ ᠬᠡᠯᠡᠪᠡᠯ ᠠᠭᠠᠷ ᠬᠥᠮᠦᠨ ᠳᠤ ᠬᠠᠨᠳᠤᠬᠤ ᠲᠠᠢ ᠠᠳᠠᠯᠢ ᠪᠠᠷ ᠬᠤᠷᠤᠮᠬᠠᠨ ᠵᠠᠭᠤᠷ᠎ᠠ ᠰᠠᠯᠵᠤ ᠪᠣᠯᠬᠤ ᠦᠭᠡᠢ ᠶᠤᠮ᠂ ᠲᠡᠭᠡᠬᠦ ᠦᠭᠡᠢ ᠪᠣᠯ ᠠᠮᠢᠰᠬᠤᠯ ᠪᠥᠭᠯᠡᠷᠡᠬᠦ ᠪᠣᠯᠤᠨ᠎ᠠ᠃ ᠪᠢᠳᠡ ᠨᠡᠭᠡᠭᠡᠯᠳᠡ ᠬᠢᠬᠦ ᠳᠤᠮᠳᠠ ᠪᠠᠨ ᠪᠠᠰᠠ ᠤᠯᠠᠨ ᠤᠯᠤᠰ ᠤᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠬᠠᠮᠠᠭᠠᠯᠠᠬᠤ ᠬᠡᠷᠡᠭᠲᠡᠶ᠃ ᠶᠠᠷᠢᠶᠠᠨ ᠦᠭᠡᠢ ᠵᠠᠷᠢᠮ ᠬᠥᠮᠦᠨ ᠠᠵᠤ ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ  ᠳᠤ ᠲᠤᠬᠢᠷᠠᠭᠤᠯᠤᠯᠳᠠ ᠬᠢᠬᠦ ᠬᠡᠷᠡᠭᠲᠡᠢ ᠭᠡᠵᠦ ᠬᠡᠯᠡᠵᠦ ᠮᠡᠳᠡᠨ᠎ᠡ᠃ ᠠᠵᠤ ᠠᠬᠤᠶᠢᠯᠠᠯ ᠤᠨ ᠲᠤᠬᠢᠷᠠᠭᠤᠯᠤᠯᠳᠡ ᠪᠠᠶᠢᠷᠢᠯᠠᠭᠤᠯᠤᠯᠲᠠ ᠶᠢᠨ ᠲᠤᠬᠠᠶ ᠭᠡᠪᠡᠯ᠂ ᠡᠨᠡ ᠪᠣᠯ ᠵᠠᠬ᠎ᠠ ᠳᠡᠯᠭᠡᠭᠦᠷ ᠤᠨ ᠵᠢᠮ᠎ᠡ ᠶᠣᠰᠣ ᠪᠠᠷ ᠠᠵᠢᠯᠯᠠᠵᠤ᠂ ᠵᠠᠬ᠎ᠠ ᠳᠡᠯᠭᠡᠭᠦᠷ ᠤᠨ ᠵᠢᠮ᠎ᠡ ᠶᠣᠰᠣ ᠪᠣᠯ ᠴᠤᠬᠤᠮ ᠳᠠᠭᠠᠨ ᠣᠷᠣᠵᠤ ᠭᠠᠷᠬᠤ᠂ ᠦᠬᠦᠵᠦ ᠰᠡᠭᠡᠬᠦ ᠶᠠᠪᠤᠳᠠᠯ ᠪᠣᠯᠬᠤ ᠶᠤᠮ᠃ ᠪᠢᠳᠡ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠵᠥᠷᠢᠴᠡᠵᠦ᠂ ᠬᠡᠢ ᠬᠤᠭᠤᠰᠣᠨ ᠢᠶᠠᠷ ᠵᠢᠷᠤᠭ ᠲᠥᠯᠥᠪᠯᠡᠭᠡ ᠬᠢᠵᠦ ᠪᠤᠯᠬᠤ ᠦᠭᠡᠢ᠂ ᠬᠠᠷᠢᠨ ᠵᠠᠬ᠎ᠠ ᠳᠡᠯᠭᠡᠭᠦᠷ ᠢ ᠨᠡᠩ ᠢᠯᠡᠭᠦᠦ ᠬᠠᠷᠢᠯᠴᠠᠨ ᠨᠡᠭᠡᠭᠡᠯᠲᠡ ᠲᠠᠢ ᠪᠣᠯᠭᠠᠬᠤ ᠬᠡᠷᠡᠭᠲᠡᠢ᠃    ᠯᠢ ᠺᠧ ᠴᠢᠶᠠᠩ   ᠬᠤᠤᠰ ᠴᠢᠭᠯᠡᠯ ᠢᠶᠠᠷ ᠨᠡᠭᠡᠭᠡᠯᠲᠡ ᠬᠢᠬᠦ ᠶᠢ ᠪᠠᠷᠢᠮᠲᠠᠯᠠᠬᠤ ᠳᠤ ᠳᠠᠷᠤᠶ ᠨᠥᠬᠦᠷᠰᠡᠭ ᠢᠶᠠᠷ ᠬᠠᠷᠢᠯᠴᠠᠬᠤ  ᠬᠡᠷᠡᠭᠳᠡᠢ᠃ ᠨᠢᠭᠡᠳᠦᠭᠡᠷ ᠲᠤ᠂ ᠪᠢᠳᠡ ᠳᠡᠯᠡᠬᠡᠶ ᠶᠢᠨ ᠡᠯ᠎ᠡ ᠤᠯᠤᠰ ᠲᠠᠢ ᠬᠠᠷᠢᠯᠴᠠᠨ ᠬᠦᠨᠳᠦᠳᠬᠡᠵᠦ᠂ ᠡᠷᠬᠡ ᠲᠡᠭᠰᠢ ᠪᠠᠷ ᠬᠠᠨᠳᠤᠬᠤ ᠶᠢ ᠬᠦᠰᠡᠵᠦ ᠪᠠᠶᠢᠨ᠎ᠠ᠃ ᠤᠯᠤᠰ ᠤᠨ ᠶᠡᠭᠡ ᠪᠠᠭ᠎ᠠ᠂ ᠪᠠᠶᠠᠨ ᠶᠠᠳᠠᠭᠤ᠂ ᠬᠦᠴᠦᠷᠬᠡᠭ ᠪᠠᠭᠤᠷᠠᠶ ᠶᠢ ᠬᠠᠮᠢᠶᠠᠷᠬᠤ ᠦᠭᠡᠢ ᠴᠥᠮ ᠡᠨᠡ ᠲᠦᠷᠢᠮ ᠢ ᠵᠢᠷᠤᠮᠯᠠᠬᠤ ᠬᠡᠷᠡᠭᠲᠡᠶ᠃ ᠬᠠᠷᠢᠯᠴᠠᠬᠤ ᠳᠦᠷᠢᠮ ᠨᠢ ᠬᠡᠷᠪᠡ ᠲᠡᠭᠦᠯᠳᠡᠷ ᠪᠤᠰᠤ ᠲᠠᠯ᠎ᠠ ᠪᠠᠶᠢᠪᠠᠯ ᠲᠣᠬᠢᠷᠠᠭᠤᠯᠤᠯᠲᠠ ᠬᠢᠵᠦ ᠥᠭᠡᠷᠡᠴᠢᠯᠡᠬᠦ ᠴᠢᠬᠤᠯᠠ ᠲᠠᠢ ᠪᠣᠯ ᠣᠯᠠᠨ ᠢᠶᠠᠷ ᠢᠶᠠᠨ ᠵᠥᠪᠳᠡᠯᠴᠡᠵᠦ ᠪᠠᠶᠢᠭᠠᠳ ᠬᠢᠬᠦ ᠬᠡᠷᠡᠭᠲᠡᠶ᠃ ᠬᠤᠶᠠᠳᠤᠭᠠᠷ ᠲᠤ᠂ ᠬᠠᠷᠢᠯᠴᠠᠨ ᠠᠰᠢᠭ ᠣᠯᠭᠤᠵᠤ ᠬᠠᠷᠢᠯᠴᠠᠨ ᠬᠠᠷᠠᠭᠠᠯᠵᠠᠬᠤ᠃ ᠬᠠᠮᠲᠤᠷᠠᠨ ᠠᠵᠢᠯᠯᠠᠬᠤ ᠶᠤᠮ ᠴᠢᠨᠢ ᠬᠠᠮᠲᠤ ᠪᠠᠷ ᠠᠰᠢᠭ ᠬᠦᠷᠲᠡᠬᠦ ᠬᠡᠷᠡᠭᠲᠡᠶ᠂ ᠭᠠᠭᠴᠠᠭᠠᠷ ᠠᠰᠢᠭ ᠬᠦᠷᠲᠡᠬᠦ ᠨᠢ ᠤᠷᠲᠤ ᠤᠳᠠᠭᠠᠨ ᠪᠠᠶᠢᠵᠤ ᠴᠢᠳᠠᠬᠤ ᠦᠭᠡᠢ᠂ ᠭᠠᠭᠴᠠᠭᠠᠷ ᠠᠮᠢᠳᠤᠷᠠᠬᠤ ᠨᠢ ᠴᠦ ᠶᠠᠪᠤᠭᠳᠠᠵᠤ ᠴᠢᠳᠠᠬᠤ ᠦᠭᠡᠢ ᠶᠤᠮ ᠃ ᠭᠠᠭᠴᠠ ᠬᠦ ᠬᠠᠮᠲᠤ ᠪᠠᠷ ᠠᠰᠢᠭ ᠬᠦᠷᠲᠡᠬᠦ ᠳᠤᠮᠳᠠ ᠣᠯᠠᠨ ᠢᠶᠠᠷ ᠢᠶᠠᠨ ᠰᠠᠶ᠋ᠢ ᠬᠠᠮᠲᠤ ᠪᠠᠷ ᠦᠰᠦᠨ ᠪᠤᠶᠢᠵᠢᠵᠤ ᠴᠢᠳᠠᠨ᠎ᠠ᠃ ᠳᠠᠬᠢᠪᠠᠯ ᠬᠠᠷᠢᠯᠴᠠᠨ ᠬᠠᠪᠰᠤᠷᠤᠯᠴᠠᠵᠤ᠂ ᠬᠠᠷᠢᠯᠴᠠᠨ ᠰᠤᠷᠤᠯᠴᠠᠬᠤ ᠶᠠᠪᠤᠳᠠᠯ ᠪᠣᠯᠤᠨ᠎ᠠ᠃ ᠡᠯ᠎ᠡ ᠤᠯᠤᠰ ᠥᠪᠡᠷ ᠥᠪᠡᠷ ᠤᠨ ᠳᠠᠪᠠᠭᠤᠯᠢᠭ ᠲᠠᠯ᠎ᠠ ᠲᠠᠢ᠃ ᠴᠥᠮ ᠪᠠᠶᠢᠪᠠᠰᠤ ᠵᠣᠬᠢᠬᠤ ᠤᠯᠠᠨ ᠤᠯᠤᠰ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠭᠠᠷ ᠬᠤᠯᠪᠣᠨ ᠡᠯ᠎ᠡ ᠵᠦᠢᠯ ᠤᠨ ᠬᠦᠴᠢᠷ ᠪᠡᠷᠬᠡᠰᠢᠶᠡᠯ ᠪᠠ ᠥᠷᠢᠰᠥᠯᠳᠦᠭᠡᠨ ᠢ ᠠᠷᠭᠠᠴᠠᠬᠤ ᠬᠡᠷᠡᠭᠲᠡᠶ᠃ ᠳᠤᠮᠳᠠᠳᠤ ᠤᠯᠤᠰ ᠬᠥᠭᠵᠢᠵᠦ ᠪᠠᠶᠢᠭ᠎ᠠ ᠲᠤᠮᠤ ᠤᠯᠤᠰ ᠪᠣᠯᠤᠭᠰᠠᠨ ᠤ ᠬᠤᠪᠢ ᠳᠤ᠂ ᠪᠢᠳᠡᠨ ᠤ ᠡᠭᠦᠷᠭᠡᠯᠡᠪᠡᠰᠦ ᠵᠣᠬᠢᠬᠤ ᠤᠯᠠᠨ ᠤᠯᠤᠰ ᠤᠨ ᠬᠠᠷᠢᠭᠤᠴᠠᠯᠭ᠎ᠠ ᠶᠢ ᠡᠭᠦᠷᠭᠡᠯᠡᠬᠦ ᠪᠣᠯᠤᠨ᠎ᠠ᠃    ᠯᠢ ᠺᠧ ᠴᠢᠶᠠᠩ   ᠤᠴᠢᠷ ᠨᠢ ᠬᠠᠮᠤᠭ ᠰᠡᠭᠦᠯᠴᠢ ᠶᠢᠨ ᠨᠢᠭᠡ ᠠᠰᠠᠭᠤᠳᠠᠯ ᠪᠣᠯᠤᠨ᠎ᠠ᠂ ᠡᠨᠡ ᠲᠣᠬᠢᠶᠠᠯ ᠢᠶᠠᠷ ᠪᠢ ᠪᠠᠰᠠ ᠨᠢᠭᠡ  ᠬᠡᠯᠡᠶ᠎ᠡ ᠭᠡᠵᠦ ᠪᠣᠳᠣᠵᠤ ᠪᠠᠶᠢᠨ᠎ᠠ᠃ ᠳᠤᠮᠳᠠᠳᠤ ᠤᠯᠤᠰ ᠪᠣᠯ ᠨᠢᠭᠡᠨ ᠯᠤᠲᠤ ᠶᠡᠭᠡ ᠵᠠᠬ᠎ᠠ ᠳᠡᠯᠭᠡᠭᠦᠷ ᠮᠥᠨ᠂ ᠪᠢᠳᠡᠨ ᠤ ᠠᠬᠢᠭᠤᠯᠵᠤ ᠪᠠᠶᠢᠭ᠎ᠠ ᠬᠦᠴᠢᠷᠳᠡᠯ ᠢ ᠲᠠᠶᠢᠯᠬᠤ ᠪᠠ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠪᠴᠢᠶᠡᠲᠦ ᠴᠢᠨᠠᠷᠲᠠᠶ ᠠᠷᠭ᠎ᠠ ᠬᠡᠮᠵᠢᠶ᠎ᠡ ᠨᠢ ᠬᠡᠷᠡᠭᠯᠡᠭᠡᠨ ᠤ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠥᠷᠭᠡᠳᠬᠡᠬᠦ ᠪᠣᠯᠤᠨ᠎ᠠ᠃ ᠳᠤᠮᠳᠠᠳᠤ ᠤᠯᠤᠰ ᠬᠠᠰᠢᠯᠠ ᠣᠯᠠᠨ ᠤ ᠦᠵᠡᠵᠦ ᠲᠣᠭᠤᠭᠰᠠᠨ ᠰᠢᠮᠡᠯᠢᠭ ᠬᠥᠷᠥᠰᠥᠨ ᠳᠤ ᠪᠡᠯᠡ ᠣᠷᠣᠭᠤᠯᠬᠤ ᠶᠢ ᠬᠦᠰᠡᠵᠦ ᠪᠠᠶᠢᠨ᠎ᠠ᠃ ᠪᠢᠳᠡ ᠭᠠᠳᠠᠭᠠᠳᠤ ᠶᠢᠨ ᠨᠡᠩ ᠤᠯᠠᠨ ᠲᠠᠸᠠᠷ ᠢ ᠭᠠᠳᠠᠭᠠᠳᠤ ᠠᠴᠠ ᠣᠷᠣᠭᠤᠯᠵᠤ᠂ ᠳᠡᠯᠡᠬᠡᠶ ᠳᠤ ᠬᠠᠨᠳᠤᠭᠰᠠᠨ ᠲᠤᠮᠤ ᠵᠠᠬ᠎ᠠ ᠳᠡᠯᠭᠡᠭᠦᠷ ᠪᠣᠯᠬᠤ ᠳᠤᠷᠠᠲᠠᠶ ᠪᠠᠶᠢᠨ᠎ᠠ᠃    ᠯᠢ ᠺᠧ ᠴᠢᠶᠠᠩ   ᠬᠢᠵᠢᠭ ᠤᠨ ᠪᠠᠶᠢᠳᠠᠯ ᠢ ᠬᠡᠷᠬᠢᠨ ᠠᠷᠭᠠᠴᠠᠬᠤ ᠡᠨᠡ ᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ  ᠦᠷᠢᠰᠦᠯᠳᠦᠬᠡᠨ ᠢ ᠠᠷᠭᠠᠴᠠᠬᠤ᠂ ᠳᠡᠯᠡᠬᠡᠢ ᠶᠢᠨ ᠠᠵᠤ ᠠᠬᠤᠢ ᠶᠢ ᠬᠦᠴᠢᠷᠳᠡᠯ ᠠᠴᠠ ᠠᠩᠭᠢᠵᠢᠷᠠᠭᠤᠯᠬᠤ ᠳᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠭᠠᠷ ᠬᠤᠯᠪᠣᠨ ᠤᠷᠤᠭᠰᠢᠯᠠᠬᠤ ᠬᠡᠷᠡᠭᠲᠡᠢ ᠭᠡᠵᠦ ᠪᠢ ᠡᠮᠦᠨ᠎ᠡ ᠲᠠᠬᠢᠨ ᠳᠠᠪᠲᠠᠨ ᠬᠡᠯᠡᠪᠡ᠃ ᠡᠯ᠎ᠡ ᠤᠯᠤᠰ ᠤᠨ ᠠᠷᠠᠳ ᠲᠦᠮᠡᠨ ᠬᠠᠮᠲᠤ ᠪᠠᠷ ᠴᠢᠷᠮᠠᠶᠢᠪᠠᠯ᠂ ᠬᠢᠵᠢᠭ ᠤᠨ ᠪᠠᠶᠢᠳᠠᠯ ᠤᠨ ᠲᠠᠷᠠᠭ᠎ᠠ ᠨᠡᠩ ᠴᠢᠯᠥᠭᠡᠲᠡᠶ ᠪᠤᠯᠵᠤ᠂ ᠲᠤᠷᠦ᠋ᠢᠳᠠᠭᠰᠠᠨ ᠤ ᠲᠠᠷᠠᠭ᠎ᠠ ᠰᠢᠨ᠎ᠡ ᠴᠡᠴᠡᠭᠯᠡᠯ ᠲᠠᠢ ᠪᠣᠯᠤᠨ᠎ᠠ ᠭᠡᠳᠡᠭ ᠢ ᠪᠢ ᠬᠦᠰᠡᠵᠦ ᠪᠠᠶᠢᠬᠤ ᠪᠥᠭᠡᠳ ᠢᠲᠡᠭᠡᠵᠦ ᠪᠠᠶᠢᠨ᠎ᠠ᠃ ᠪᠠᠶᠠᠷᠯᠠᠯ᠎ᠠ᠃    ᠵᠠᠩ ᠶᠧ ᠰᠦᠶ    ᠶᠡᠷᠦᠩᠬᠡᠢ ᠰᠠᠶᠢᠳ ᠯᠢ ᠺᠧ ᠴᠢᠶᠠᠩ ᠳᠤ ᠲᠠᠯᠠᠷᠬᠠᠵᠤ ᠪᠠᠶᠢᠨ᠎ᠠ᠂ ᠤᠯᠠᠨ ᠢᠶᠠᠷ ᠢᠶᠠᠨ ᠠᠷᠪᠠᠨ ᠭᠤᠷᠪᠠᠳᠤᠭᠠᠷ  ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠢ ᠠᠩᠬᠠᠷᠴᠤ ᠪᠠᠶᠢᠭ᠎ᠠ ᠪᠠ ᠥᠷᠭᠡᠨ ᠳᠡᠯᠭᠡᠷ ᠪᠦᠷᠢᠨ ᠭᠦᠢᠴᠡᠳ ᠮᠡᠳᠡᠭᠡᠯᠡᠭᠰᠡᠨ ᠳᠤ ᠲᠠᠯᠠᠷᠬᠠᠵᠤ ᠪᠠᠶᠢᠨ᠎ᠠ᠃ ᠰᠤᠷᠪᠤᠯᠵᠢᠯᠠᠭᠴᠢ ᠶᠢᠨ ᠬᠤᠷᠠᠯ ᠠᠳᠡ ᠬᠦᠷᠦᠭᠡᠳ ᠲᠡᠭᠦᠰᠪᠡ᠂ ᠪᠠᠶᠠᠷᠯᠠᠯ᠎ᠠ᠃                                             ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3