| | 4 ᠰᠠᠷ᠎ᠠ ᠶᠢᠨ 28 ᠤ ᠡᠳᠦᠷ᠂ ᠬᠠᠭᠤᠴᠢᠨ ᠬᠤᠲᠠ ᠲᠣᠭᠤᠷᠢᠭ ᠤᠨ ᠵᠡᠭᠡᠯᠢ ᠭᠤᠳᠤᠮᠵᠢ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠢ ᠠᠬᠢᠭᠤᠯᠬᠤ ᠬᠤᠷᠠᠯ ᠬᠢᠪᠠ᠃ ᠵᠡᠭᠡᠯᠢ | ᠭᠤᠳᠤᠮᠵᠢ ᠶᠢᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠭ᠎ᠠ᠂ ᠨᠡᠶᠢᠭᠡᠮ ᠲᠣᠭᠤᠷᠢᠭ ᠤᠨ ᠪᠦᠬᠦ ᠺᠠᠳ᠋ᠷ | ᠠᠵᠢᠯᠳᠠᠨ ᠠᠵᠢᠯᠴᠢᠨ ᠬᠤᠷᠠᠯ ᠳᠤ ᠣᠷᠣᠯᠴᠠᠪᠠ᠃ | ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠬᠤᠷᠠᠯ ᠢ | ᠡᠷᠬᠢᠯᠡᠪᠡ᠃ | ᠬᠤᠷᠠᠯ ᠳᠡᠭᠡᠷ᠎ᠡ᠂ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠹᠧᠩᠵᠧᠨ ᠬᠤᠳᠠ ᠶᠢᠨ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ | ᠵᠡᠭᠡᠯᠢ ᠭᠤᠳᠤᠮᠵᠢ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠠᠬᠢᠭᠤᠯᠤᠭᠰᠠᠨ ᠪᠠᠶᠢᠳᠠᠯ ᠢ | ᠮᠡᠳᠡᠭᠳᠡᠵᠦ᠂ ᠣᠳᠣᠬᠠᠨ ᠤ ᠪᠠᠶᠢᠳᠠᠯ ᠢ ᠵᠠᠳᠠᠯᠤᠨ ᠰᠤᠳᠤᠯᠵᠤ᠂ ᠡᠨᠡ ᠵᠢᠯ ᠤᠨ ᠵᠡᠭᠡᠯᠢ ᠭᠤᠳᠤᠮᠵᠢ ᠶᠢᠨ ᠬᠠᠷ᠎ᠠ | ᠪᠦᠯᠦᠭᠳᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠪᠦᠬᠦ ᠲᠠᠯ᠎ᠠ ᠶᠢᠨ ᠢᠯᠠᠯᠲᠠ ᠶᠢ ᠲᠡᠮᠡᠴᠡᠨ | ᠤᠯᠬᠤ ᠲᠤᠬᠠᠢ ᠪᠠᠶᠢᠷᠢᠯᠠᠭᠤᠯᠤᠯᠲᠠ ᠬᠢᠪᠡ᠃ | ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠴᠢᠬᠤᠯᠠᠴᠢᠯᠠᠭᠰᠠᠨ ᠨᠢ᠂ ᠬᠠᠷᠢᠭᠤᠴᠠᠯᠭ᠎ᠠ ᠡᠭᠦᠷᠭᠡᠯᠡᠯ ᠢᠶᠠᠨ | ᠴᠢᠩᠭᠠᠳᠬᠠᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶᠠᠨ ᠤ ᠰᠢᠢᠳᠪᠦᠷᠢᠳᠤ ᠪᠣᠳᠣᠯᠭ᠎ᠠ ᠪᠠ | ᠪᠠᠶᠢᠷᠢᠯᠠᠭᠤᠯᠤᠯᠳᠠ ᠲᠠᠢ ᠤᠯᠠᠮ ᠨᠢᠭᠡ ᠠᠯᠬᠤᠮ ᠨᠢᠭᠡᠳᠬᠡᠵᠦ᠂ ᠡᠯ᠎ᠡ ᠨᠡᠶᠢᠭᠡᠮ ᠲᠣᠭᠤᠷᠢᠭ᠂ ᠰᠠᠯᠠᠭ᠎ᠠ ᠲᠠᠰᠤᠭ | ᠬᠦᠴᠦ ᠪᠠᠨ ᠬᠠᠮᠲᠤᠳᠬᠠᠨ ᠬᠠᠮᠵᠢᠯᠴᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠦᠪᠡᠭᠴᠢ ᠶᠢ | ᠤᠶᠢᠯᠠᠭᠠᠨ ᠵᠢᠭᠰᠠᠭᠠᠬᠤ ᠪᠠ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠤᠨ ᠠᠵᠢᠯ ᠤᠨ ᠥᠨᠳᠥᠷ ᠪᠠᠷᠢᠮᠵᠢᠶ᠎ᠠ ᠪᠠᠷ ᠪᠡᠶᠡᠯᠡᠭᠳᠡᠬᠦ ᠶᠢ ᠦᠨᠡᠨ ᠬᠦ ᠪᠠᠲᠤᠯᠠᠵᠤ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ | ᠠᠬᠢᠭᠤᠯᠬᠤ ᠬᠡᠷᠡᠭᠲᠡᠶ᠃ | ᠤᠷᠴᠢᠭᠤᠯᠤᠬᠴᠢ᠄ ᠼᠦᠢ ᠶᠢᠩ |