| ᠹᠧᠩᠵᠧᠨ ᠬᠤᠲᠠ ᠲᠥᠪ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠢ ᠲᠣᠭᠤᠷᠢᠨ | ᠪᠠᠶᠢᠴᠠᠭᠠᠯᠲᠠ ᠶᠢᠨ ︽ᠡᠷᠭᠢᠵᠦ ᠬᠠᠷᠠᠬᠤ︾ ᠪᠠ ᠤᠯᠤᠰ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠵᠡᠷᠭᠡ | ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠢ ᠤᠶᠠᠯᠳᠤᠭᠤᠯᠤᠨ᠂ ᠠᠵᠤ ᠦᠢᠯᠡᠰ ᠤᠨ ᠵᠢᠭᠠᠨ | ᠵᠢᠯᠣᠭᠤᠳᠣᠭᠴᠢ ᠶᠢᠨ ᠡᠩᠨᠡᠭᠡ ᠶᠢ ᠤᠯᠠᠮ ᠨᠢᠭᠡ ᠠᠯᠬᠤᠮ ᠲᠤᠬᠢᠷᠠᠭᠤᠯᠤᠨ ᠰᠢᠯᠢᠳᠡᠭᠵᠢᠭᠦᠯᠵᠦ᠂ ᠠᠵᠢᠯᠲᠠᠨ ᠤ | ᠪᠦᠲᠦᠴᠡ ᠪᠠ ᠦᠢᠯᠡᠴᠢᠯᠡᠭᠡᠨ ᠤ ᠴᠢᠳᠠᠪᠤᠷᠢ ᠶᠢᠨ ᠲᠠᠯ᠎ᠠ ᠪᠠᠷ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ | ᠣᠳᠣᠬᠠᠨ ᠳᠤ᠂ ᠹᠧᠩᠵᠧᠨ ᠬᠤᠲᠠ ᠠᠵᠤ ᠦᠢᠯᠡᠰ ᠤᠨ ᠵᠢᠭᠠᠨ ᠵᠢᠯᠣᠭᠤᠳᠣᠭᠴᠢ ᠶᠢ 182 ᠬᠥᠮᠦᠨ ᠳᠤ | ᠲᠤᠬᠢᠷᠠᠭᠤᠯᠤᠨ 3287 ᠶᠠᠳᠠᠭᠤ ᠬᠦᠴᠢᠷᠳᠡᠯᠲᠡᠶ ᠡᠷᠦᠬᠡ ᠳᠤ ᠦᠢᠯᠡᠴᠢᠯᠡᠪᠡ᠃ ᠠᠵᠤ ᠦᠢᠯᠡᠰ ᠤᠨ ᠵᠢᠭᠠᠨ | ᠵᠢᠯᠣᠭᠤᠳᠣᠭᠴᠢ ᠶᠢᠨ ᠡᠩᠨᠡᠭᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠤᠮᠢᠯᠠᠬᠴᠢ 18 ᠬᠥᠮᠦᠨ᠂ | ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ 31 ᠬᠥᠮᠦᠨ᠂ ᠴᠢᠳᠠᠪᠤᠷᠢ ᠲᠠᠢ ᠲᠣᠮᠣ ᠡᠷᠦᠬᠡ 4 ᠬᠥᠮᠦᠨ᠂ | ᠲᠣᠰᠬᠤᠨ ᠤ ᠬᠤᠶᠠᠷ ᠵᠥᠪᠯᠡᠯ ᠤᠨ ᠺᠠᠳ᠋ᠷ 101 ᠬᠥᠮᠦᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ | ᠭᠡᠰᠢᠭᠦᠨ 28 ᠬᠥᠮᠦᠨ᠂ ᠲᠤᠰᠬᠠᠶ ᠮᠡᠷᠭᠡᠵᠢᠯ ᠤᠨ ᠴᠣᠯᠠ ᠲᠠᠢ ᠨᠢ 22 ᠬᠥᠮᠦᠨ ᠪᠠᠶᠢᠵᠤ᠂ ᠦᠢᠯᠡᠴᠢᠯᠡᠭᠡᠨ ᠤ | ᠴᠢᠳᠠᠪᠤᠷᠢ ᠢᠯᠡᠳᠲᠡ ᠴᠢᠩᠭᠠᠷᠠᠪᠠ᠃ ᠣᠳᠣᠬᠠᠨ ᠳᠤ 18 ᠨᠡᠷᠡᠰ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠰᠠᠳ ᠢ ᠪᠣᠯᠪᠠᠰᠤᠷᠠᠭᠤᠯᠬᠤ ᠠᠵᠢᠯ ᠢ ᠨᠢᠭᠡᠨᠲᠡ ᠪᠡᠶᠡᠯᠡᠭᠦᠯᠦᠭᠰᠡᠨ ᠪᠥᠭᠡᠳ ᠬᠤᠶᠠᠷ ᠬᠤᠭᠤᠴᠠᠭ᠎ᠠ | ᠬᠤᠪᠢᠶᠠᠨ ᠪᠦᠬᠦ ᠠᠵᠤ ᠦᠢᠯᠡᠰ ᠤᠨ ᠵᠢᠭᠠᠨ ᠵᠢᠯᠤᠭᠤᠳᠤᠬᠴᠢ ᠳᠤ ᠪᠣᠯᠪᠠᠰᠤᠷᠠᠯ ᠬᠢᠬᠦ ᠪᠠᠷ ᠲᠥᠯᠥᠪᠯᠡᠵᠦ ᠪᠠᠶᠢᠨ᠎ᠠ᠃ | | ᠤᠷᠴᠢᠭᠤᠯᠤᠬᠴᠢ᠄ ᠼᠦᠢ ᠶᠢᠩ |