| 5 ᠰᠠᠷ᠎ᠠ ᠶᠢᠨ 5 ᠤ ᠡᠳᠦᠷ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ | ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠰᠦᠬᠡ ᠮᠠᠨ ᠤ ᠬᠤᠲᠠ ᠳᠤ ᠠᠶᠤᠯᠭᠦᠶ ᠦᠢᠯᠡᠳᠪᠦᠷᠢᠯᠡᠯ ᠤᠨ ᠠᠵᠢᠯ ᠢ | ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠮᠠᠨ ᠤ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠵᠧᠨ | ᠬᠠᠶ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠬᠤᠲᠠ ᠶᠢᠨ ᠳᠠᠷᠤᠭ᠎ᠠ ᠵᠠᠩ ᠬᠤᠩ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ | ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠱᠢ ᠬᠦᠶ ᠵᠢᠶᠦ᠋ᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ | | | ᠰᠦᠬᠡ ᠨᠡᠷ ᠤᠷᠢᠳ ᠬᠤᠵᠢᠳ ᠮᠠᠨ ᠤ ᠬᠤᠲᠠ ᠶᠢᠨ ᠥᠪᠥᠷ ᠮᠣᠩᠭᠤᠯ ᠤᠨ ᠰᠠᠨ ᠠᠶ ᠹᠦ᠋ ᠸᠠᠨ ᠬᠤᠤ ᠹᠯᠣᠷ | ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠪᠠ ᠥᠪᠥᠷ ᠮᠣᠩᠭᠤᠯ ᠤᠨ ᠬᠠᠩ ᠹᠧᠩ ᠣᠨᠴᠠ ᠲᠥᠷᠥᠯ ᠤᠨ | ᠬᠠᠶᠢᠯᠤᠰᠢ ᠶᠢᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠶᠤᠯ ᠥᠬᠡᠶ | ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠠᠬᠤᠶᠢᠯᠠᠯ ᠤᠨ | ᠠᠶᠤᠯ ᠥᠬᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠳᠠᠯᠳᠠ ᠬᠡᠮ ᠢ ᠵᠢᠭᠰᠠᠭᠠᠨ | ᠪᠠᠶᠢᠴᠠᠭᠠᠵᠦ ᠵᠠᠰᠠᠬᠤ ᠪᠠ ᠠᠮᠤᠷ ᠲᠦᠪᠰᠢᠨ ᠢ ᠰᠡᠷᠭᠡᠶᠢᠯᠡᠨ ᠠᠷᠭᠠᠴᠠᠬᠤ ᠠᠷᠭ᠎ᠠ ᠬᠡᠮᠵᠢᠶ᠎ᠡ ᠵᠡᠷᠭᠡ ᠪᠠᠶᠢᠳᠠᠯ ᠢ ᠨᠠᠷᠢᠨ | ᠣᠶᠢᠯᠠᠭᠠᠪᠠ᠃ | | ᠰᠦᠬᠡ᠂ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠬᠡᠵᠦ᠂ ᠡᠯ᠎ᠡ ᠵᠦᠢᠯ ᠤᠨ ᠲᠦᠷᠢᠮ ᠲᠣᠭᠲᠠᠭᠠᠯ ᠢ ᠨᠠᠶᠢᠳᠠᠪᠤᠷᠢᠵᠢᠭᠤᠯᠬᠤ ᠶᠢ ᠴᠢᠩᠭ᠎ᠠ ᠪᠥᠭᠡᠳ ᠨᠠᠷᠢᠨ | ᠨᠢᠮᠪᠠᠢ ᠰᠠᠶᠢᠲᠤᠷ ᠠᠳᠬᠤᠵᠤ᠂ ᠪᠠᠷᠢᠮᠵᠢᠶᠠᠵᠢᠭᠤᠯᠤᠭᠰᠠᠨ ᠬᠠᠮᠢᠶᠠᠷᠤᠯᠲᠠ᠂ ᠵᠢᠷᠤᠮᠵᠢᠯ ᠲᠠᠢ ᠠᠵᠢᠯᠯᠠᠬᠤ ᠳᠤ ᠲᠦᠰᠢᠭᠯᠡᠵᠦ᠂ | ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ | ᠬᠤᠷᠢᠭ᠎ᠠ ᠱᠤᠭᠤᠮ ᠢ ᠴᠠᠭ ᠢᠮᠠᠭᠲᠠ ᠪᠠᠲᠤ ᠰᠠᠬᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | ᠰᠦᠬᠡ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠨᠢ ᠬᠥᠭᠵᠢᠯᠲᠡ ᠶᠢᠨ ᠶᠡᠭᠡ ᠲᠠᠯ᠎ᠠ ᠪᠠ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠨ᠎ᠠ᠃ ᠠᠶᠤᠯᠭᠦᠢ ᠦᠢᠯᠡᠳᠪᠦᠷᠢᠯᠡᠯ ᠤᠨ ᠡᠨᠡ ᠬᠦ ᠬᠥᠪᠴᠢ ᠶᠢ | ᠢᠮᠠᠭᠲᠠ ᠴᠢᠩᠭᠠᠯᠠᠵᠤ᠂ ᠠᠵᠠ ᠵᠠᠪᠰᠢᠶᠠᠨ ᠡᠷᠢᠬᠦ ᠰᠡᠳᠬᠢᠴᠡ ᠪᠠ ᠮᠢᠨᠴᠦᠭᠦᠷᠡᠬᠦ ᠦᠵᠡᠯ ᠰᠠᠨᠠᠭ᠎ᠠ ᠶᠢ ᠡᠷᠡᠰ ᠲᠡᠪᠴᠢᠵᠦ᠂ | ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠠᠮᠤᠷ ᠲᠦᠪᠰᠢᠨ ᠤ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠵᠤ᠂ ᠥᠨᠴᠥᠭ ᠪᠤᠯᠤᠩ ᠦᠯᠡᠳᠡᠭᠡᠬᠦ ᠦᠭᠡᠢ᠂ ᠰᠣᠬᠤᠷ ᠪᠠᠯᠠᠢ ᠭᠠᠵᠠᠷ ᠦᠯᠡᠳᠡᠭᠡᠬᠦ ᠦᠭᠡᠢ᠂ ᠠᠯᠳᠠᠰᠢ | ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠳᠤᠯᠠᠵᠦ᠂ ᠭᠡᠮ ᠰᠣᠭᠤᠭ ᠢ ᠨᠢᠬᠡ ᠴᠤ ᠪᠠᠰᠠ ᠣᠷᠬᠢᠭᠳᠠᠭᠤᠯᠬᠤ ᠦᠭᠡᠢ᠂ | ᠠᠶᠤᠯ ᠲᠦᠭᠰᠢᠭᠦᠷᠢ ᠶᠢ ᠨᠢᠭᠡ ᠪᠠᠰᠠ ᠤᠮᠳᠤᠭᠠᠶᠢᠯᠠᠵᠦ ᠪᠣᠯᠬᠤ ᠦᠭᠡᠢ᠂ ᠤᠯᠠᠨ ᠲᠦᠮᠡᠨ ᠤ ᠠᠮᠢ ᠨᠠᠰᠤᠨ ᠤ ᠠᠮᠤᠷ | ᠲᠦᠪᠰᠢᠨ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠵᠤ᠂ ᠪᠦᠬᠦ ᠬᠤᠳᠠ ᠶᠢᠨ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ | ᠤᠷᠴᠢᠭᠤᠯᠤᠬᠴᠢ᠄ ᠼᠦᠢ ᠶᠢᠩ |