| ᠡᠶ᠎ᠡ ᠵᠣᠬᠢᠴᠠᠯ ᠦᠭᠡᠢ ᠬᠦᠴᠦᠨ ᠵᠦᠢᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠨᠡᠶᠢᠭᠡᠮ ᠤᠨ ᠶᠡᠭᠡ | ᠲᠠᠯ᠎ᠠ ᠶᠢᠨ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠶᠢᠨ ᠲᠥᠯᠥᠭᠡ᠂ 4 ᠰᠠᠷ᠎ᠠ ᠶᠢᠨ | 28 ᠤ ᠡᠳᠦᠷ᠂ ᠬᠠᠭᠤᠴᠢᠨ ᠬᠤᠳᠠ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ | ᠠᠷᠢᠯᠭᠠᠬᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ᠃ ᠡᠨᠡ ᠤᠳᠠᠭ᠎ᠠ ᠶᠢᠨ ᠬᠤᠷᠠᠯ ᠳᠤ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠠᠶᠢᠭᠤᠯᠤᠯᠭ᠎ᠠ᠂ ᠨᠡᠶᠢᠭᠡᠮ | ᠲᠣᠭᠤᠷᠢᠭ ᠤᠨ ᠪᠦᠬᠦ ᠺᠠᠳ᠋ᠷ ᠠᠵᠢᠯᠳᠠᠨ ᠠᠵᠢᠯᠴᠢᠨ ᠣᠷᠣᠯᠴᠠᠪᠠ᠃ | ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠬᠤᠷᠠᠯ ᠢ | ᠡᠷᠬᠢᠯᠡᠪᠡ᠃ | ᠬᠤᠷᠠᠯ ᠳᠡᠭᠡᠷ᠎ᠡ᠂ ᠨᠠᠮ ᠤᠨ ᠠᠵᠢᠯᠯᠠᠬᠤ ᠬᠤᠷᠢᠶᠠᠨ ᠤ ᠱᠦᠵᠢ ᠴᠢᠬᠤᠯᠠᠴᠢᠯᠠᠬᠤ ᠳᠠᠭᠠᠨ᠂ ᠨᠢᠭᠡ ᠳᠤ᠂ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠎ᠡ᠃ ᠡᠯ᠎ᠡ ᠨᠡᠶᠢᠭᠡᠮ | ᠲᠣᠭᠤᠷᠢᠭ ᠤᠳ ᠤᠯᠤᠰ ᠲᠥᠷᠥ ᠶᠢᠨ ᠦᠵᠡᠯ ᠤᠬᠠᠮᠰᠠᠷ᠂ ᠶᠡᠭᠡ ᠲᠠᠯ᠎ᠠ ᠶᠢᠨ ᠦᠵᠡᠯ ᠤᠬᠠᠮᠰᠠᠷ᠂ | ᠬᠠᠷᠢᠭᠤᠴᠠᠯᠭ᠎ᠠ ᠶᠢᠨ ᠦᠵᠡᠯ ᠤᠬᠠᠮᠰᠠᠷ᠂ ᠰᠠᠨᠠᠭᠠᠰᠢᠷᠠᠨ ᠵᠣᠪᠠᠨᠢᠬᠤ ᠦᠵᠡᠯ ᠤᠬᠠᠮᠰᠠᠷ ᠢᠶᠠᠨ ᠨᠡᠮᠡᠭᠳᠡᠭᠦᠯᠵᠦ᠂ | ᠲᠠᠷᠢᠬᠢ ᠲᠣᠯᠣᠭᠠᠶ ᠪᠠᠨ ᠢᠮᠠᠭᠲᠠ ᠰᠡᠷᠭᠡᠭ ᠪᠠᠶᠢᠯᠭᠠᠵᠤ᠂ ᠲᠡᠭᠡᠳᠤ ᠱᠠᠲᠤᠨ ᠤ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠳᠠ ᠶᠢ ᠬᠢᠨᠠᠮᠠᠭᠠᠶ ᠲᠤᠭᠤᠰᠢᠯᠠᠭᠤᠯᠤᠨ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ | ᠠᠷᠢᠯᠭᠠᠬᠤ ᠠᠵᠢᠯ ᠢ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠶᠢᠨ ᠰᠠᠭᠤᠷᠢ ᠴᠢᠨᠠᠷᠲᠠᠶ ᠠᠵᠢᠯ ᠪᠣᠯᠭᠠᠨ ᠠᠳᠬᠤᠵᠤ | ᠂ ᠲᠤᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠶ᠃ ᠬᠤᠶᠠᠷ ᠲᠤ᠂ ᠰᠦᠪᠡᠭᠴᠢ ᠶᠢ ᠣᠶᠢᠯᠭᠠᠨ ᠵᠢᠭᠰᠠᠭᠠᠬᠤ ᠠᠵᠢᠯ ᠢ | ᠪᠥᠬᠦ ᠲᠠᠯ᠎ᠠ ᠪᠠᠷ ᠥᠷᠨᠢᠭᠦᠯᠦᠨ᠎ᠡ᠃ ᠥᠨᠴᠥᠭ ᠪᠤᠯᠤᠩ ᠥᠬᠡᠶ᠂ ᠪᠦᠬᠦᠨ ᠢ ᠬᠠᠮᠤᠷᠬᠤ ᠵᠢᠭᠰᠠᠭᠠᠨ ᠪᠠᠶᠢᠴᠠᠭᠠᠬᠤ | ᠱᠠᠭᠠᠷᠳᠠᠯᠭ᠎ᠠ ᠶᠣᠰᠣᠭᠠᠷ᠂ ᠬᠠᠷᠢᠶ᠎ᠠ ᠣᠷᠣᠨ ᠤ ᠳᠣᠲᠣᠷᠠᠬᠢ ᠵᠥᠷᠢᠴᠡᠯ ᠵᠢᠭᠤᠷᠠᠯᠳᠤᠭᠠᠨ ᠪᠠ ᠲᠣᠭᠲᠠᠭᠤᠨ ᠪᠤᠰᠤ | ᠬᠦᠴᠦᠨ ᠵᠦᠢᠯ ᠳᠤ ᠦᠷᠭᠦᠯᠵᠢᠯᠡᠭᠰᠡᠨ ᠵᠢᠬᠰᠠᠭᠠᠨ ᠪᠠᠶᠢᠴᠠᠭᠠᠯᠲᠠ ᠪᠠ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ | ᠪᠠᠶᠢᠴᠠᠭᠠᠯᠲᠠ ᠬᠢᠵᠦ᠂ ᠭᠤᠤᠯᠳᠠᠯᠭ᠎ᠠ ᠲᠠᠢ ᠬᠠᠮᠲᠤᠯᠢᠭ᠂ ᠭᠤᠤᠯᠳᠠᠯᠭ᠎ᠠ ᠲᠠᠢ ᠬᠥᠮᠦᠰ ᠲᠤ ᠴᠤᠬᠤᠶᠢᠯᠲᠠ ᠶᠢᠨ | ᠴᠢᠨᠠᠷᠲᠠᠶ᠂ ᠬᠡᠯᠪᠡᠷᠢᠯ ᠤᠨ ᠴᠢᠨᠠᠷᠲᠠᠶ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠳᠡᠭᠡᠭᠰᠢ ᠮᠡᠳᠡᠭᠦᠯᠬᠦ | ᠬᠡᠷᠡᠭᠲᠡᠶ᠃ | ᠤᠷᠴᠢᠭᠤᠯᠤᠬᠴᠢ᠄ ᠼᠦᠢ ᠶᠢᠩ |