| 6 ᠰᠠᠷ᠎ᠠ ᠶᠢᠨ 5 ᠤ ᠡᠳᠦᠷ᠂ ᠬᠤᠲᠠ ᠶᠢᠨ ᠲᠣᠭᠤᠷᠢᠭ ᠤᠨ ᠠᠷᠠᠳ ᠤᠨ ᠴᠡᠴᠡᠷᠯᠢᠭ ᠲᠤ᠂ ᠮᠠᠨ ᠤ ᠬᠤᠲᠠ ︽ᠬᠠᠤᠯᠢ | ᠴᠠᠭᠠᠵᠠ ᠶᠢ ᠤᠬᠠᠭᠤᠯᠵᠤ᠂ ᠵᠢᠱᠢᠶᠡᠴᠢ ᠪᠤᠯᠬᠤ ᠪᠠᠷ ᠴᠢᠷᠮᠠᠶᠢᠶ᠎ᠠ︾ ᠪᠠᠷ ᠭᠤᠤᠯ ᠰᠡᠳᠦᠪ ᠪᠣᠯᠭᠠᠭᠰᠠᠨ ᠪᠦᠬᠦ ᠬᠤᠲᠠ ᠶᠢᠨ | ᠦᠨᠳᠦᠰᠦᠲᠡᠨ ᠱᠠᠰᠢᠨ ᠰᠤᠷᠲᠠᠬᠤᠨ ᠮᠣᠩᠭᠤᠯ ᠬᠡᠯᠡ ᠪᠢᠴᠢᠭ ᠤᠨ ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ | ᠲᠣᠭᠲᠠᠭᠠᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠤᠰᠤᠯᠠᠯ ᠶᠠᠪᠤᠭᠤᠯᠪᠠ᠃ ᠬᠤᠲᠠ ᠶᠢᠨ | ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠯᠢ ᠱᠣ᠋ ᠸᠧᠶ᠂ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ | ᠰᠢᠶᠣᠤ ᠯᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠠᠨ ᠹᠦ᠋ ᠬᠤ᠋ ᠪᠤᠯᠤᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠮᠧᠶ ᠯᠢᠨ | ᠨᠡᠷ ᠠᠵᠢᠯᠯᠠᠭ᠎ᠠ ᠳᠤ ᠤᠷᠣᠯᠴᠠᠪᠠ᠃ | | ᠯᠢ ᠱᠣ᠋ ᠸᠧᠶ ᠪᠠᠶᠠᠷ ᠤᠨ ᠦᠭᠡ ᠳᠤ ᠪᠠᠨ᠄ ᠦᠨᠳᠦᠰᠦᠲᠡᠨ ᠱᠠᠰᠢᠨ ᠰᠤᠷᠲᠠᠬᠤᠨ ᠮᠣᠩᠭᠤᠯ ᠬᠡᠯᠡ ᠪᠢᠴᠢᠭ ᠤᠨ | ᠲᠥᠷᠥ ᠶᠢᠨ ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠭᠤᠤᠯ | ᠵᠣᠷᠢᠯᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠥᠬᠦᠶ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠶᠤᠮ᠃ ︽ | ᠬᠤᠶᠠᠷ ᠬᠠᠮᠲᠤ︾ ᠦᠨᠳᠦᠰᠦᠲᠡᠨ ᠤ ᠠᠵᠢᠯ ᠤᠨ ᠭᠤᠣᠯ ᠰᠡᠳᠦᠪ ᠢ ᠪᠠᠲᠤ ᠡᠵᠡᠮᠰᠢᠵᠦ᠂ ︽ᠳᠤᠮᠳᠠᠳᠤ ᠶᠢᠨ ᠦᠨᠳᠦᠰᠦᠲᠡᠨ | ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠵᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ | ᠲᠡᠷᠭᠡᠯᠰᠢᠭᠦᠯᠬᠦ︾ ᠬᠠᠮᠲᠤ ᠶᠢᠨ ᠬᠠᠷᠠᠯᠲᠠ ᠶᠢ ᠪᠠᠷᠢᠮᠲᠠᠯᠠᠵᠤ᠂ ᠮᠠᠨ ᠤ ᠬᠤᠲᠠ ᠶᠢᠨ ᠡᠯ᠎ᠡ ᠦᠨᠳᠦᠰᠦᠲᠡᠨ ᠤ ᠺᠠᠳ᠋ᠷ ᠣᠯᠠᠨ | ᠲᠦᠮᠡᠨ ᠤ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠪᠣᠯᠤᠨ ᠮᠣᠩᠭᠤᠯ ᠬᠡᠯᠡ ᠪᠢᠴᠢᠭ ᠤᠨ ᠲᠥᠷᠥ ᠶᠢᠨ | ᠪᠣᠳᠣᠯᠭ᠎ᠠ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠬᠠᠮᠰᠠᠷ ᠢ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠡᠯ᠎ᠡ ᠦᠨᠳᠦᠰᠦᠲᠡᠨ ᠤ ᠣᠯᠠᠨ ᠲᠦᠮᠡᠨ ᠢ ᠬᠠᠤᠯᠢ ᠶᠢᠨ ᠤᠬᠠᠭᠠᠨ ᠬᠠᠤᠯᠢ ᠶᠢ ᠵᠢᠷᠤᠮᠯᠠᠨ | ᠬᠠᠤᠯᠢ ᠶᠢ ᠰᠠᠬᠢᠵᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠳᠠᠳᠬᠠᠯ ᠲᠠᠢ ᠪᠣᠯᠭᠠᠬᠤ ᠶᠢ ᠠᠬᠢᠭᠤᠯᠬᠤ ᠬᠡᠷᠡᠭᠲᠡᠶ᠃ | ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠵᠣᠬᠢᠶᠠᠨ | ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠠᠵᠢᠯᠯᠠᠭ᠎ᠠ ᠶᠢᠨ ᠭᠤᠤᠯ | ᠰᠡᠳᠦᠪ ᠤᠨ ᠲᠣᠭᠤᠷᠢᠨ ᠳᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠳᠡᠢ ᠭᠡᠪᠡ᠃ | | | | | | ᠡᠬᠢᠯᠡᠯᠲᠡ ᠶᠢᠨ ᠶᠣᠰᠣᠯᠠᠯ ᠳᠡᠭᠡᠷ᠎ᠡ᠂ ᠳ᠋ᠧᠩ ᠰᠢᠶᠤᠤ ᠯᠢ ᠰᠠᠨᠠᠭᠠᠴᠢᠯᠠᠭ᠎ᠠ ᠶᠢᠨ ᠪᠢᠴᠢᠭ ᠢ ᠤᠩᠰᠢᠪᠠ᠃ ᠳᠠᠷᠠᠭ᠎ᠠ ᠨᠢ᠂ | ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠥᠷᠭᠡᠨ ᠣᠯᠠᠨ ᠺᠠᠳ᠋ᠷ ᠣᠯᠠᠨ ᠲᠦᠮᠡᠨ ᠳᠤ ᠬᠠᠮᠢᠶ᠎ᠠ ᠪᠥᠬᠦᠶ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ | ᠵᠣᠬᠢᠶᠠᠭᠴᠢ᠄ ᠵᠧᠤ ᠱᠣᠤ ᠬᠤᠸᠠ | ᠤᠷᠴᠢᠭᠤᠯᠤᠬᠴᠢ᠄ ᠼᠦᠢ ᠶᠢᠩ | |