ᠮᠠᠨ ᠤ ᠬᠤᠲᠠ 2020 ᠤᠨ ᠤ ︽6 · 5︾ ᠶᠢᠨ ᠳᠡᠯᠡᠬᠡᠶ ᠶᠢᠨ ᠣᠷᠴᠢᠨ ᠲᠣᠭᠤᠷᠢᠨ ᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2020-06-11
   6 ᠰᠠᠷ᠎ᠠ ᠶᠢᠨ 5 ᠤ ᠡᠳᠦᠷ᠂ ᠮᠠᠨ ᠤ ᠬᠤᠲᠠ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ᠂   ᠨᠠᠮ᠎ᠠ ᠠᠴᠠ ᠡᠬᠢᠯᠡᠨ ᠬᠦᠳᠡᠯᠦᠯᠴᠡᠶ᠎ᠡ︾ ᠪᠠᠷ ᠭᠤᠤᠯ ᠰᠡᠳᠦᠪ ᠪᠣᠯᠭᠠᠭᠰᠠᠨ 2020 ᠣᠨ ᠤ ︽6 · 5︾ ᠶᠢᠨ ᠳᠡᠯᠡᠬᠡᠶ ᠶᠢᠨ ᠣᠷᠴᠢᠨ ᠲᠣᠭᠤᠷᠢᠨ ᠤ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ  ᠶᠠᠪᠤᠭᠤᠯᠪᠠ᠃ ᠵᠠᠰᠠᠭ ᠤᠨ ᠣᠷᠳᠣᠨ ᠤ ᠳᠡᠳ᠋ ᠳᠠᠷᠤᠭ᠎ᠠ ᠭᠦᠸᠧ ᠬᠤᠩ ᠭᠤᠸᠠᠩ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃
   ᠭᠦᠸᠧ ᠬᠤᠩ ᠭᠤᠸᠠᠩ ᠵᠢᠭᠠᠵᠤ ᠭᠠᠷᠭᠠᠭᠰᠠᠨ ᠨᠢ᠂ ᠤᠶᠢᠷ᠎ᠠ ᠶᠢᠨ ᠵᠢᠯ ᠤᠨ ᠲᠤᠷᠰᠢ᠂ ᠮᠠᠨ ᠤ ᠬᠤᠲᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠨᠡᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠬᠢᠨᠠᠨ  ᠬᠠᠮᠢᠶᠠᠷᠤᠯᠳᠠ ᠶᠢᠨ ᠡᠷᠴᠢᠮ ᠲᠠᠰᠤᠷᠠᠯᠲᠠ ᠤᠢᠭᠡᠢ ᠴᠢᠩᠭᠠᠷᠠᠵᠠᠶ᠃ ᠨᠢᠭᠡ ᠪᠦᠯᠦᠭ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠤ ᠠᠬᠤᠶᠢᠯᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠢᠭᠡ ᠪᠦᠯᠦᠭ ᠬᠤᠴᠣᠷᠤᠩᠭᠤᠶ ᠦᠢᠯᠡᠳᠪᠦᠷᠢᠯᠡᠯ ᠤᠨ ᠤᠷ᠎ᠠ ᠮᠡᠷᠭᠡᠰᠢᠯ ᠪᠣᠯᠤᠨ ᠲᠥᠷᠥᠯ ᠵᠦᠢᠯ ᠢ ᠰᠢᠯᠳᠡᠭᠵᠢᠬᠦᠯᠵᠦ᠂ ᠢᠯᠠᠩᠭᠤᠶ᠎ᠠ ᠲᠤᠮᠳᠠ ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ᠂ ᠬᠦᠷᠢᠶᠡᠯᠡᠩ ᠲᠣᠭᠤᠷᠢᠭ ᠤᠨ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠲᠥᠷᠥᠯ ᠵᠦᠢᠯ᠂ ᠬᠠᠷ᠎ᠠ ᠭᠤᠤᠯ ᠤᠨ ᠭᠤᠤᠯ ᠤᠨ ᠵᠠᠮ ᠢ ᠵᠠᠰᠠᠬᠤ ᠢᠨᠵᠧᠨᠧᠷᠢᠩ ᠵᠡᠷᠭᠡ ᠨᠢᠭᠡ ᠪᠦᠯᠦᠭ ᠬᠥᠬᠡ ᠣᠭᠲᠠᠷᠭᠤᠶ ᠨᠣᠮᠢᠨ ᠤᠰᠤ ᠬᠡᠷᠡᠭᠯᠡᠬᠦ ᠢᠨᠵᠧᠨᠧᠷᠢᠩ ᠢ  ᠬᠡᠷᠡᠭᠵᠢᠬᠦᠯᠬᠦ ᠪᠠᠷ ᠳᠠᠮᠵᠢᠨ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠭᠦᠯᠵᠦ᠂ ᠣᠷᠴᠢᠨ ᠠᠬᠤᠶ ᠶᠢᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠵᠦ᠂ ᠪᠦᠬᠦ ᠨᠡᠶᠢᠭᠡᠮ ᠤᠨ ᠣᠷᠴᠢᠨ ᠠᠬᠤᠶ ᠶᠢ ᠬᠠᠮᠠᠭᠠᠯᠠᠬᠤ ᠤᠬᠠᠮᠰᠠᠷ ᠪᠠ ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ  ᠲᠡᠭᠡᠭᠰᠢᠯᠡᠭᠦᠯᠪᠡ᠃
   ᠭᠦᠸᠧ ᠬᠤᠩ ᠭᠤᠸᠠᠩ᠄ ᠡᠨᠡ ᠵᠢᠯ ᠪᠣᠯ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠢᠢᠳᠪᠦᠷᠢᠲᠦ ᠵᠢᠯ ᠪᠠ ᠡᠴᠦᠰ ᠤᠨ ᠵᠢᠯ ᠪᠣᠯᠤᠨ᠎ᠠ᠂ ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠶᠢ ᠬᠢᠨᠠᠨ ᠰᠢᠯᠭᠠᠨ᠎ᠠ᠃ ᠪᠢᠳᠡ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ  ᠢ ᠬᠦᠢᠴᠡᠳ ᠲᠠᠨᠢᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠬᠢᠨᠠᠨ ᠰᠢᠯᠭᠠᠬᠤ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠬᠢᠨᠠᠨ ᠰᠢᠯᠭᠠᠬᠤ ᠪᠠᠷᠢᠮᠵᠢᠶ᠎ᠠ ᠲᠠᠢ ᠬᠠᠷᠢᠴᠠᠭᠤᠯᠤᠨ᠂ ᠭᠤᠣᠯᠳᠠᠯᠭ᠎ᠠ ᠲᠠᠢ ᠡᠭᠦᠷᠭᠡ᠂ ᠴᠠᠭ ᠤᠨ ᠵᠠᠩᠭᠢᠶᠠᠰᠤ ᠶᠢ ᠲᠣᠳᠣᠷᠬᠠᠶᠢᠯᠠᠵᠤ᠂ ᠪᠦᠬᠦ ᠲᠠᠯ᠎ᠠ ᠪᠠᠷ ᠪᠠᠶᠢᠴᠠᠭᠠᠵᠤ ᠳᠤᠲᠠᠭᠤ ᠶᠢ ᠨᠥᠬᠦᠪᠥᠷᠢᠯᠡᠵᠦ᠂ ᠲᠥᠪ᠂ ᠥᠪᠡᠷᠲᠡᠭᠡᠨ ᠵᠠᠰᠠᠬᠤ ᠣᠷᠣᠨ ᠂  ᠤᠯᠠᠭᠠᠨᠴᠠᠪ ᠬᠤᠲᠠ ᠵᠢᠴᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠣᠯᠭᠤᠭᠰᠠᠨ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠤᠨ ᠡᠭᠦᠷᠭᠡ ᠶᠢ ᠲᠡᠷᠡ ᠶᠣᠰᠣᠭᠠᠷ ᠨᠢ ᠪᠡᠶᠡᠯᠡᠭᠦᠯᠵᠦ᠂ ᠮᠠᠨ ᠤ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠠᠬᠢᠭᠤᠯᠬᠤ ᠬᠡᠷᠡᠭᠳᠡᠢ ᠬᠡᠵᠦ ᠴᠢᠬᠤᠯᠠᠴᠢᠯᠠᠪᠠ᠃                             ᠵᠣᠬᠢᠶᠠᠭᠴᠢ᠄ ᠵᠧᠤ ᠱᠣᠤ ᠬᠤᠸᠠ                             ᠤᠷᠴᠢᠭᠤᠯᠤᠬᠴᠢ᠄  ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3