 | 6 ᠰᠠᠷ᠎ᠠ ᠶᠢᠨ 9 ᠤ ᠡᠳᠦᠷ᠂ ᠳ᠋ᠦ᠋ ᠰᠢᠤᠸᠠᠢ ᠵᠢᠶᠦ᠋ᠨ ᠹᠧᠩᠵᠧᠨ ᠬᠤᠳᠠ ᠳᠤ ᠭᠦᠨᠵᠡᠭᠡᠶᠢᠷᠡᠵᠦ᠂ ᠬᠠᠷ᠎ᠠ ᠭᠤᠣᠯ ᠤᠨ | ᠰᠠᠪᠠ ᠭᠠᠵᠠᠷ ᠢ ᠵᠠᠰᠠᠭᠰᠠᠨ ᠪᠠ ᠬᠤᠳᠠ ᠶᠢᠨ ᠪᠣᠬᠢᠷ ᠤᠰᠤ ᠶᠢ ᠰᠢᠢᠳᠪᠦᠷᠢᠯᠡᠭᠰᠡᠨ ᠪᠠᠶᠢᠳᠠᠯ ᠢ ᠣᠶᠢᠯᠠᠭᠠᠪᠠ᠃ | 6 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠦ᠋ ᠰᠢᠤᠸᠠᠢ ᠵᠢᠶᠦ᠋ᠨ ᠹᠧᠩᠵᠧᠨ | ᠬᠤᠲᠠ ᠳᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ᠂ ᠣᠷᠴᠢᠨ ᠲᠤᠭᠤᠷᠢᠨ ᠤ ᠬᠠᠮᠠᠭᠠᠯᠠᠯᠲᠠ ᠪᠠ ᠵᠠᠬᠢᠳᠠᠯ ᠰᠤᠷᠪᠤᠯᠵᠢᠯᠠᠭ᠎ᠠ ᠵᠡᠷᠭᠡ ᠠᠵᠢᠯ ᠢ ᠪᠠᠶᠢᠴᠠᠭᠠᠨ | ᠰᠤᠳᠤᠯᠬᠤ ᠳᠠᠭᠠᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠶ ᠮᠦᠷᠳᠡᠭᠡᠨ ᠲᠦᠷᠦ ᠶᠢᠨ | ᠪᠤᠳᠤᠯᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠪᠤᠢ | ᠪᠤᠯᠭᠠᠬᠤ ᠬᠡᠷᠡᠭᠳᠡᠢ ᠭᠡᠪᠡ᠃ | ᠡᠯ᠎ᠡ ᠠᠵᠤ ᠠᠬᠤᠶᠢᠯᠠᠯ ᠦᠢᠯᠡᠳᠪᠦᠷᠢ ᠶᠢᠨ ᠲᠣᠭᠤᠷᠢᠭ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ | ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠶᠠᠭᠠᠷᠠᠯᠲᠠᠢ ᠡᠮᠬᠢ ᠵᠢᠷᠤᠮ ᠲᠠᠢ ᠪᠠᠶᠢᠳᠠᠯ ᠲᠤᠳᠤ ᠬᠠᠷᠠᠬᠳᠠᠨ᠎ᠠ᠃ ᠳ᠋ᠦ᠋ ᠰᠢᠤᠸᠠᠢ | ᠵᠢᠶᠦ᠋ᠨ ᠥᠪᠥᠷ ᠮᠣᠩᠭᠤᠯ ᠤᠨ ᠵᠢᠩ ᠯᠧᠢ ᠠᠵᠤ ᠦᠢᠯᠡᠰ ᠵᠡᠷᠭᠡ ᠺᠣᠮᠫᠠᠨᠢ ᠪᠠ ᠵᠢᠨᠢᠩ — ᠳ᠋ᠠᠲ᠋ᠦ᠋ᠩ ᠤᠨ ᠥᠨᠳᠥᠷ | ᠬᠤᠷᠳᠤᠴᠠᠳᠤ ᠲᠡᠮᠦᠷ ᠵᠠᠮ ᠤᠨ ᠲᠥᠷᠥᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠪᠠᠷᠢᠯᠭ᠎ᠠ ᠶᠢᠨ | ᠠᠬᠢᠴᠠ ᠶᠢ ᠦᠵᠡᠵᠦ᠂ ᠠᠵᠤ ᠠᠬᠤᠶᠢᠯᠠᠯ ᠤᠨ ᠬᠡᠷᠡᠭᠴᠡᠭᠡ ᠶᠢ ᠠᠰᠠᠭᠤᠵᠤ᠂ ᠣᠳᠣᠬᠠᠨ ᠤ ᠠᠰᠢᠭᠲᠠᠢ ᠠᠵᠠ ᠲᠣᠬᠢᠶᠠᠯ ᠢ | ᠵᠠᠪᠳᠤᠨ ᠠᠳᠬᠤᠵᠤ᠂ ᠬᠥᠭᠵᠢᠯᠲᠡ ᠶᠢᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠦ᠂ ᠡᠬᠢ ᠪᠠᠶᠠᠯᠢᠭ ᠢ ᠵᠠᠪᠳᠤᠨ᠂ | ᠴᠠᠭ ᠢ ᠵᠠᠪᠳᠤᠨ᠂ ᠬᠦᠴᠦᠨ ᠵᠦᠢᠯ ᠢ ᠵᠠᠪᠳᠤᠨ᠂ ᠠᠵᠤ ᠦᠢᠯᠡᠰ ᠤᠨ ᠰᠠᠭᠤᠷᠢ ᠶᠢ ᠲᠡᠭᠦᠯᠳᠡᠷᠵᠢᠬᠦᠯᠵᠦ᠂ ᠦᠢᠯᠡᠳᠪᠦᠷᠢ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠦ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠳᠠᠶᠢᠴᠢᠯᠠᠨ ᠳᠠᠭᠠᠭᠤᠯᠬᠤ ᠦᠢᠯᠡᠳᠦᠯ ᠢ ᠦᠨᠡᠨ ᠬᠦ ᠪᠠᠳᠠᠷᠠᠭᠤᠯᠵᠤ᠂ ᠹᠧᠩᠵᠧᠨ ᠬᠤᠳᠠ ᠶᠢᠨ ᠴᠢᠨᠠᠷ | ᠰᠠᠶᠢᠲᠠᠢ ᠬᠥᠭᠵᠢᠯᠲᠡ ᠳᠤ ᠬᠦᠴᠦᠨ ᠴᠢᠳᠠᠯ ᠬᠤᠷᠠᠮᠳᠤᠭᠤᠯᠬᠤ ᠬᠡᠷᠡᠭᠳᠡᠢ᠃ ᠣᠳᠣ ᠶᠢᠨ ᠪᠠᠶᠢᠭ᠎ᠠ ᠠᠵᠤ ᠦᠢᠯᠡᠰ ᠤᠨ | ᠰᠠᠭᠤᠷᠢ ᠳᠤ ᠲᠦᠰᠢᠭᠯᠡᠨ᠂ ᠬᠠᠮᠢᠶ᠎ᠠ ᠪᠦᠬᠦᠢ ᠣᠷᠴᠢᠯ ᠠᠵᠤ ᠠᠬᠤᠢ ᠶᠢᠨ ᠲᠦᠷᠦᠯ ᠵᠦᠢᠯ ᠢ ᠢᠳᠡᠪᠬᠢᠲᠡᠢ ᠣᠷᠣᠭᠤᠯᠵᠤ᠂ | ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠨᠤᠷᠮ᠎ᠠ ᠶᠢ | ᠲᠡᠭᠡᠭᠰᠢᠯᠡᠬᠦᠯᠦᠨ᠎ᠡ᠃ ᠠᠶᠤᠯᠭᠦᠶ ᠦᠢᠯᠡᠳᠪᠦᠷᠢᠯᠡᠯ ᠤᠨ ᠤᠯᠠᠭᠠᠨ ᠱᠤᠭᠤᠮ ᠤᠨ ᠤᠬᠠᠮᠰᠠᠷ ᠢ ᠪᠠᠲᠤ ᠪᠠᠬᠢ ᠪᠣᠶ ᠪᠣᠯᠭᠠᠵᠤ | ᠠᠶᠤᠯᠭᠦᠶ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠯᠢᠭ | ᠨᠠᠶᠢᠳᠠᠪᠤᠷᠢᠵᠢᠭᠤᠯᠤᠨ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠨ᠎ᠠ᠃ | ᠳ᠋ᠦ᠋ ᠰᠢᠤᠸᠠᠢ ᠵᠢᠶᠦ᠋ᠨ ᠹᠧᠩᠵᠧᠨ ᠬᠤᠲᠠ ᠶᠢᠨ ᠯᠦᠩ ᠿᠦᠨ ᠰᠢᠨ᠎ᠡ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ | ᠺᠣᠮᠫᠠᠨᠢ᠂ ᠥᠪᠥᠷ ᠮᠤᠩᠭᠤᠯ ᠤᠨ 3F ᠸᠠᠨ ᠬᠤᠤ ᠹᠯᠣᠷᠲᠤ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠪᠠ | ᠪᠦᠦ ᠽᠢ ᠸᠠᠨ ᠤ ᠣᠭᠲᠣᠯᠤᠭᠠᠰᠤ ᠶᠢᠨ ᠤᠰᠤᠨ ᠤ ᠴᠢᠨᠠᠷ ᠢ ᠬᠢᠨᠠᠨ ᠬᠡᠮᠵᠢᠬᠦ ᠴᠡᠭ ᠲᠤ ᠬᠦᠷᠴᠦ᠂ ᠠᠵᠤ ᠠᠬᠤᠶᠢᠯᠠᠯ ᠤᠨ | ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ᠂ ᠬᠠᠶᠠᠭᠳᠠᠮᠠᠯ ᠤᠰᠤ ᠶᠢ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠵᠢᠴᠢ | ᠣᠭᠲᠣᠯᠤᠭᠠᠰᠤ ᠶᠢᠨ ᠤᠰᠤᠨ ᠤ ᠴᠢᠨᠠᠷ ᠢ ᠬᠢᠨᠠᠨ ᠬᠡᠮᠵᠢᠭᠰᠡᠨ ᠪᠠᠶᠢᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ | ᠴᠢᠬᠤᠯᠠᠴᠢᠯᠠᠭᠰᠠᠨ ᠨᠢ᠄ ᠠᠮᠢ ᠠᠬᠤᠶ ᠶᠢ ᠲᠡᠷᠢᠭᠦᠨ ᠳᠤ ᠲᠠᠯᠪᠢᠨ᠂ ᠪᠣᠬᠢᠷᠲᠤᠯ ᠦᠭᠡᠢ ᠬᠥᠭᠵᠢᠭᠦᠯᠬᠦ ᠣᠶᠢᠯᠠᠭᠠᠭᠳᠠᠬᠤᠨ ᠢ | ᠪᠠᠲᠤ ᠪᠠᠬᠢ ᠪᠤᠢ ᠪᠣᠯᠭᠠᠵᠤ᠂ ᠠᠵᠤ ᠠᠬᠤᠶᠢᠯᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠴᠢᠩᠭᠠᠷᠠᠭᠤᠯᠤᠨ᠂ ᠬᠢᠨᠠᠯᠲᠠ ᠪᠠᠶᠢᠴᠠᠭᠠᠯᠲᠠ ᠪᠠᠨ ᠦᠨᠡᠨᠬᠦ ᠴᠢᠩᠭᠠᠳᠬᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠪᠣᠭᠤᠮᠲᠠ ᠶᠢ ᠴᠢᠩᠭ᠎ᠠ ᠠᠳᠬᠤᠵᠤ᠂ ᠠᠮᠢ ᠠᠬᠤᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠣᠷᠴᠢᠨ ᠲᠣᠭᠤᠷᠢᠨ ᠤ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠥᠴᠦᠬᠡᠨ ᠴᠦ ᠢᠯᠳᠠᠷ ᠬᠠᠶᠠᠬᠤ ᠥᠬᠡᠶ ᠪᠠᠶᠢᠬᠤ ᠶᠢ | ᠡᠷᠡᠰ ᠪᠡᠶᠡᠯᠡᠭᠦᠯᠵᠦ᠂ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ | ᠦᠷᠭᠦᠯᠵᠢᠯᠡᠨ ᠰᠠᠶᠢᠲᠤᠷ ᠬᠢᠨ᠎ᠠ᠃ | ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠨᠠᠮ ᠪᠣᠯᠤᠨ ᠠᠷᠠᠳ ᠣᠯᠠᠨ ᠤ ᠬᠤᠯᠪᠤᠭᠠᠳᠤ ᠬᠥᠭᠦᠷᠭᠡ ᠮᠦᠷᠳᠡᠭᠡᠨ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠭᠰᠠᠨ ᠴᠢᠬᠤᠯᠠ ᠬᠡᠮᠵᠢᠬᠦᠷ ᠮᠥᠨ᠃ ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠶᠠᠮᠠᠷ ᠵᠡᠷᠭᠡ ᠪᠠᠶᠢᠬᠤ ᠪᠤᠯ ᠳ᠋ᠦ᠋ ᠰᠢᠤᠸᠠᠢ ᠵᠢᠶᠦ᠋ᠨ ᠤ ᠮᠠᠰᠢ ᠴᠢᠬᠤᠯᠠᠴᠢᠯᠠᠵᠦ | ᠪᠠᠶᠢᠭ᠎ᠠ ᠶᠠᠪᠤᠳᠠᠯ ᠮᠦᠨ᠃ ᠳ᠋ᠦ᠋ ᠰᠢᠤᠸᠠᠢ ᠵᠢᠶᠦ᠋ᠨ ᠹᠧᠩᠵᠧᠨ ᠬᠤᠲᠠ ᠶᠢᠨ ᠬᠤᠳᠠ ᠶᠢᠨ ᠠᠷᠠᠳ ᠪᠤᠯᠬᠤ ᠰᠢᠶᠦ᠋ᠩ ᠶᠦᠩ | ᠶᠢᠩ ᠪᠣᠯᠤᠨ ᠯᠢ ᠡᠯ ᠹᠧᠶ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢᠶᠠᠷ ᠭᠡᠷ ᠪᠠᠶᠢᠰᠢᠩ ᠤᠨ ᠥᠮᠴᠢᠯᠡᠬᠦ ᠡᠷᠬᠡ ᠶᠢᠨ | ᠦᠨᠡᠮᠯᠡᠯ ᠪᠣᠯᠤᠨ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠭᠰᠡᠨ ᠢ ᠤᠶᠢᠯᠠᠭᠠᠭᠠᠳ᠂ ᠠᠷᠠᠳ | ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠢ ᠬᠦᠳᠡᠯᠦᠨ | ᠵᠢᠯᠣᠭᠤᠳᠴᠤ ᠬᠠᠤᠯᠢ ᠶᠣᠰᠣᠭᠠᠷ ᠵᠠᠬᠢᠳᠠᠯ ᠰᠤᠷᠪᠤᠯᠵᠢᠯᠠᠭ᠎ᠠ ᠬᠢᠯᠭᠡᠵᠦ᠂ ᠭᠤᠮᠣᠳᠠᠯ ᠱᠠᠭᠠᠷᠳᠠᠯᠭ᠎ᠠ ᠪᠠᠨ ᠵᠦᠢ ᠵᠣᠬᠢᠰᠲᠠᠢ | ᠢᠯᠡᠳᠬᠡᠬᠦ ᠬᠡᠷᠡᠭᠲᠡᠢ᠂ ᠪᠠᠰᠠ ᠵᠠᠬᠢᠳᠠᠯ ᠰᠤᠷᠪᠤᠯᠵᠢᠯᠠᠭ᠎ᠠ ᠶᠢᠨ ᠲᠤᠰᠬᠠᠭᠰᠠᠨ ᠠᠰᠠᠭᠤᠳᠠᠯ ᠢ ᠲᠡᠭᠡᠳᠤ ᠬᠡᠮᠵᠢᠶ᠎ᠡ ᠪᠠᠷ | ᠴᠢᠬᠤᠯᠠᠴᠢᠯᠠᠵᠤ᠂ ᠣᠯᠠᠨ ᠲᠦᠮᠡᠨ ᠤ ᠲᠤᠰᠬᠠᠭᠰᠠᠨ ᠣᠨᠴᠠᠭᠠᠢ ᠬᠡᠷᠡᠭ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ | ᠮᠥᠷᠲᠡᠭᠡᠨ ᠨᠠᠩ ᠴᠤ ᠨᠢᠭᠡ ᠠᠴᠠ ᠨᠥᠭᠦᠭᠡ ᠶᠢ ᠮᠡᠳᠡᠵᠦ᠂ ᠠᠳᠠᠯᠢᠪᠲᠤᠷ ᠪᠠᠶᠢᠳᠠᠯ ᠢ ᠡᠮᠬᠢᠯᠡᠨ ᠡᠷᠢᠵᠦ᠂ ᠣᠯᠠᠨ ᠲᠦᠮᠡᠨ ᠤ | ᠵᠦᠶ ᠶᠣᠰᠣᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠬᠠᠤᠯᠢ ᠶᠣᠰᠣᠭᠠᠷ ᠰᠢᠢᠳᠪᠦᠷᠢᠯᠡᠵᠦ᠂ ᠣᠯᠠᠨ ᠲᠦᠮᠡᠨ ᠤ | ᠦᠨᠳᠦᠰᠦᠨ ᠠᠰᠢᠭ ᠲᠤᠰᠠ ᠶᠢ ᠪᠥᠬᠦ ᠬᠦᠴᠦ ᠪᠠᠷ ᠪᠠᠲᠤᠯᠠᠬᠤ ᠬᠡᠷᠡᠭᠲᠡᠶ ᠭᠡᠪᠡ᠃ | ᠾᠧᠢ ᠲᠤ ᠲᠠᠢ ᠪᠠᠯᠭᠠᠰᠤᠨ ᠤ ᠰᠦ ᠰᠢᠶᠠᠩ ᠶᠢᠩ ᠲᠣᠰᠬᠤᠨ ᠪᠣᠯᠤᠨ ᠯᠦᠩ ᠱᠧᠩ ᠵᠤᠸᠠᠩ ᠪᠠᠯᠭᠠᠰᠤᠨ ᠤ ᠹᠦ᠋ | ᠵᠢᠶᠠ ᠰᠢᠶᠠᠩ ᠲᠤᠰᠬᠤᠨ ᠳᠤ᠂ ᠳ᠋ᠦ᠋ ᠰᠢᠤᠸᠠᠢ ᠵᠢᠶᠦ᠋ᠨ ᠭᠠᠴᠠᠭᠠᠨ ᠤ ᠵᠥᠪᠯᠡᠯ ᠳᠤ ᠭᠦᠨᠵᠡᠭᠡᠶᠢᠷᠡᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠠᠵᠢᠯ ᠥᠷᠨᠢᠭᠦᠯᠦᠭᠰᠡᠨ ᠪᠠᠶᠢᠳᠠᠯ ᠢ ᠤᠶᠢᠯᠠᠭᠠᠬᠤ ᠶᠢᠨ ᠬᠠᠮᠲᠤ | ᠶᠠᠳᠠᠭᠤ ᠬᠦᠴᠢᠷᠳᠡᠯᠲᠡᠶ ᠡᠷᠦᠬᠡ ᠶᠢᠨ ᠬᠡᠷ ᠲᠤ ᠬᠦᠷᠴᠦ᠂ ᠣᠷᠣᠨ ᠰᠠᠭᠤᠴᠠ ᠪᠠ ᠤᠤᠭᠤᠬᠤ ᠤᠰᠤᠨ ᠤ ᠠᠮᠤᠷ | ᠲᠦᠪᠰᠢᠨ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠡᠷ ᠪᠦᠯᠢ ᠶᠢᠨ ᠠᠮᠢᠳᠤᠷᠠᠯ ᠵᠡᠷᠭᠡ ᠪᠠᠶᠢᠳᠠᠯ ᠢ ᠠᠰᠠᠭᠤᠨ | ᠯᠠᠪᠯᠠᠪᠠ᠃ ᠣᠯᠠᠨ ᠲᠦᠮᠡᠨ ᠤ ᠲᠥᠷᠥ ᠶᠢᠨ ᠪᠣᠳᠣᠯᠭ᠎ᠠ ᠶᠢᠨ ᠬᠠᠨᠤᠮᠵᠢ ᠶᠢᠨ ᠬᠡᠮᠵᠢᠶ᠎ᠡ ᠨᠡᠯᠢᠶᠡᠳ ᠥᠨᠳᠥᠷ ᠪᠠᠶᠢᠬᠤ ᠶᠢ | ᠬᠠᠷᠠᠭᠠᠳ ᠳ᠋ᠦ᠋ ᠰᠢᠤᠸᠠᠢ ᠵᠢᠶᠦ᠋ᠨ ᠲᠦᠢᠯ ᠢᠶᠠᠷ ᠪᠠᠶᠠᠷᠯᠠᠵᠤ᠂ ᠡᠯ᠎ᠡ ᠱᠠᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ | ᠶᠡᠷᠦᠩᠬᠡᠢ ᠱᠦᠵᠢ ᠰᠢ ᠶᠢᠨ ᠫᠢᠩ ᠤᠨ ︽ ᠴᠢᠨᠠᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠤᠳᠠᠬᠳᠠᠯ ᠢ | ᠨᠥᠬᠦᠪᠥᠷᠢᠯᠡᠬᠦ ᠠᠰᠠᠭᠤᠳᠠᠯ ᠤᠨ ᠲᠤᠬᠠᠢ︾ ᠭᠡᠬᠦ ᠵᠣᠬᠢᠶᠠᠯ ᠢ ᠭᠦᠨᠵᠡᠭᠡᠢ ᠰᠤᠷᠤᠯᠴᠠᠵᠦ᠂ ᠶᠡᠭᠡ ᠪᠠᠶᠢᠴᠠᠭᠠᠯᠲᠠ ᠬᠢᠭᠰᠡᠨ | ᠰᠠᠭᠤᠷᠢᠨ ᠳᠡᠭᠡᠷ᠎ᠡ ᠳᠤᠲᠠᠭᠳᠠᠯ ᠢᠶᠠᠨ ᠨᠥᠬᠦᠪᠥᠷᠢᠯᠡᠵᠦ᠂ ᠰᠠᠭᠤᠷᠢ ᠠᠵᠢᠯ ᠢ ᠨᠠᠩ ᠯᠠᠪᠳᠠᠭᠤᠨ ᠪᠠᠲᠤᠲᠠᠶ ᠨᠠᠷᠢᠨ ᠨᠢᠮᠪᠠᠶ | ᠬᠢᠵᠦ᠂ ᠠᠷᠭ᠎ᠠ ᠪᠦᠬᠦᠨ ᠢ ᠰᠦᠪᠡᠭᠴᠢᠯᠡᠨ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ | ᠤᠯᠠᠨ ᠲᠦᠮᠡᠨ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠵᠤ ᠦᠭᠬᠦ ᠬᠡᠷᠡᠭᠳᠡᠢ ᠭᠡᠪᠡ᠃ | ᠵᠣᠬᠢᠶᠠᠭᠴᠢ᠄ ᠱᠢ ᠽᠧ ᠴᠢ | ᠰᠡᠭᠦᠳᠡᠷᠯᠡᠭᠴᠢ᠄ ᠵᠧᠤ ᠸᠧᠶ ᠪᠢᠩ | ᠤᠷᠴᠢᠭᠤᠯᠤᠬᠴᠢ᠄ ᠼᠦᠢ ᠶᠢᠩ |