| — — ᠪᠡᠭᠡᠵᠢᠩ ᠬᠤᠲᠠ ᠶᠢᠨ ᠬᠡᠰᠡᠭ ᠭᠠᠵᠠᠷ ᠣᠷᠣᠨ ᠠᠴᠠ ᠢᠷᠡᠭᠰᠡᠨ ︵ᠪᠤᠴᠠᠭᠰᠠᠨ︶ ᠬᠥᠮᠦᠰ ᠢ | ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ | ᠣᠶᠢᠷ᠎ᠠ ᠳᠤ᠂ ᠪᠡᠭᠡᠵᠢᠩ ᠬᠤᠲᠠ ᠳᠤ ᠰᠢᠨ᠎ᠡ ᠪᠠᠷ ᠨᠡᠮᠡᠭᠳᠡᠭᠰᠡᠨ ᠡᠬᠡ ᠭᠠᠵᠠᠷ ᠤᠨ ᠰᠢᠨ᠎ᠡ ᠬᠡᠯᠪᠡᠷᠢ ᠶᠢᠨ | ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠡᠪᠡᠳᠴᠢᠳᠡᠨ ᠤ ᠵᠢᠱᠢᠶ᠎ᠡ ᠣᠯᠠᠨ ᠭᠠᠷᠴᠤ᠂ ᠠᠵᠢᠯᠯᠠᠭ᠎ᠠ ᠶᠢᠨ | ᠵᠠᠮ ᠨᠢ ᠭᠤᠤᠯᠳᠠᠭᠤ ᠰᠢᠨ᠎ᠡ ᠪᠠᠷ ᠬᠥᠭᠵᠢᠭᠰᠡᠨ ᠭᠠᠵᠠᠷ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠵᠢᠩ | ᠱᠧᠨ ᠲᠡᠯᠡᠶ ᠶᠢᠨ ᠢᠳᠡᠭᠡᠨ ᠤ ᠵᠠᠬ᠎ᠠ ᠳᠡᠯᠭᠡᠭᠦᠷ ᠵᠡᠷᠭᠡ ᠭᠠᠵᠠᠷ ᠲᠤ ᠬᠤᠯᠪᠣᠭᠳᠠᠵᠤ ᠪᠠᠶᠢᠨ᠎ᠠ᠃ 6ᠰᠠᠷ᠎ᠠ ᠶᠢᠨ 13 ᠤ | ᠡᠳᠦᠷ᠂ ᠰᠢ ᠴᠧᠩ ᠲᠣᠭᠤᠷᠢᠭ᠂ ᠹᠧᠩ ᠲᠠᠢ ᠲᠣᠭᠤᠷᠢᠭ᠂ ᠹᠠᠩ ᠱᠠᠨ ᠲᠣᠭᠤᠷᠢᠭ ᠢ ᠲᠤᠮᠳᠠ ᠵᠡᠷᠭᠡ ᠶᠢᠨ ᠠᠶᠤᠯ | ᠲᠦᠭᠰᠢᠭᠦᠷᠢᠲᠡᠶ ᠭᠠᠵᠠᠷ ᠣᠷᠣᠨ ᠪᠣᠯᠭᠠᠨ ᠲᠣᠬᠢᠷᠠᠭᠤᠯᠵᠤ᠂ 6 ᠰᠠᠷ᠎ᠠ ᠶᠢᠨ 14 ᠤ ᠡᠳᠦᠷ᠂ ᠳ᠋ᠠ ᠰᠢᠩ ᠣᠷᠣᠨ ᠢ | ᠪᠠᠰᠠ ᠲᠤᠮᠳᠠ ᠵᠡᠷᠭᠡ ᠶᠢᠨ ᠤᠯᠤᠰ ᠤᠨ ᠠᠶᠤᠯ ᠲᠦᠭᠰᠢᠭᠦᠷᠢ ᠲᠠᠢ ᠭᠠᠵᠠᠷ ᠣᠷᠣᠨ᠂ ᠹᠧᠩ ᠲᠠᠢ ᠲᠣᠭᠤᠷᠢᠭ ᠢ ᠶᠡᠭᠡ | ᠠᠶᠤᠯ ᠲᠦᠭᠰᠢᠭᠦᠷᠢ ᠲᠠᠢ ᠭᠠᠵᠠᠷ ᠣᠷᠣᠨ ᠪᠣᠯᠭᠠᠨ ᠲᠣᠬᠢᠷᠠᠭᠤᠯᠵᠤ᠂ ︽ᠭᠠᠳᠠᠭᠠᠳᠤ ᠠᠴᠠ ᠣᠷᠣᠭᠤᠯᠬᠤ ᠶᠢ | ᠰᠡᠷᠭᠡᠶᠢᠯᠡᠬᠦ᠂ ᠳᠣᠲᠣᠭᠠᠳᠤ ᠳᠤ ᠳᠠᠬᠢᠨ ᠭᠠᠷᠬᠤ ᠶᠢ ᠰᠡᠷᠭᠡᠶᠢᠯᠡᠬᠦ︾ ᠬᠠᠮᠢᠶᠠᠷᠤᠯᠳᠠ ᠶᠢᠨ ᠠᠷᠭ᠎ᠠ ᠬᠡᠮᠵᠢᠶ᠎ᠡ ᠶᠢ ᠤᠯᠠᠮ | ᠨᠢᠭᠡ ᠠᠯᠬᠤᠮ ᠴᠢᠩᠭᠠᠳᠬᠠᠬᠤ ᠪᠠ ᠮᠠᠨ ᠤ ᠬᠤᠲᠠ ᠶᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠵᠢᠯ ᠦᠷᠭᠦᠯᠵᠢᠯᠡᠨ ᠰᠠᠶᠢᠨ ᠬᠠᠨᠳᠤᠰᠢ ᠲᠠᠢ ᠪᠠᠶᠢᠭ᠎ᠠ ᠪᠠᠶᠢᠳᠠᠯ ᠢ ᠪᠠᠬᠢᠵᠢᠭᠦᠯᠬᠦ ᠶᠢᠨ ᠲᠦᠯᠦᠭᠡ᠂ | ᠡᠳᠦᠭᠡ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ 2020 ᠣᠨ ᠤ 5 ᠰᠠᠷ᠎ᠠ ᠶᠢᠨ 30 ᠤ ᠡᠳᠦᠷ ᠠᠴᠠ ᠬᠤᠶᠢᠰᠢ ᠪᠡᠭᠡᠵᠢᠩ ᠤᠨ ᠰᠢᠨ᠎ᠡ ᠪᠠᠷ | ᠬᠥᠭᠵᠢᠭᠰᠡᠨ ᠭᠠᠵᠠᠷ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠵᠢᠩ ᠱᠧᠨ ᠳᠠᠯᠠᠢ ᠶᠢᠨ ᠢᠳᠡᠭᠡᠨ ᠤ ᠵᠠᠬ᠎ᠠ | ᠳᠡᠯᠭᠡᠭᠦᠷ ᠵᠢᠴᠢ ᠳᠡᠭᠡᠷ᠎ᠡ ᠳᠤᠷᠠᠳᠤᠭᠰᠠᠨ ᠬᠤᠶᠠᠷ ᠵᠠᠬ᠎ᠠ ᠳᠡᠯᠭᠡᠭᠦᠷ ᠤᠨ ᠬᠠᠮᠢᠶ᠎ᠠ ᠪᠦᠬᠦᠢ ᠬᠥᠮᠦᠰ ᠲᠠᠢ ᠠᠭᠤᠯᠵᠠᠵᠤ | ᠥᠩᠭᠡᠷᠡᠭᠰᠡᠨ ᠮᠠᠨ ᠤ ᠬᠤᠲᠠ ᠶᠢᠨ ᠬᠥᠮᠦᠰ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ᠂ ᠰᠠᠭᠤᠷᠢᠰᠢᠵᠦ ᠪᠠᠶᠢᠭ᠎ᠠ ᠲᠣᠭᠤᠷᠢᠭ ︵ᠭᠠᠴᠠᠭᠠᠨ ᠤ ᠠᠷᠠᠳ ᠤᠨ ᠵᠥᠪᠯᠡᠯ︶᠂ ᠪᠠᠶᠢᠭᠤᠯᠭ᠎ᠠ | ᠨᠢᠭᠡᠴᠡ ᠪᠤᠶᠤ ᠬᠤᠨᠤᠬᠯᠠᠬᠰᠠᠨ ᠪᠠᠭᠤᠳᠠᠯ ᠢᠶᠠᠨ ᠦᠨᠡᠨ ᠮᠥᠨ ᠢᠶᠠᠷ ᠨᠢ ᠮᠡᠳᠡᠭᠦᠯᠵᠦ᠂ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠰᠠᠯᠠᠭ᠎ᠠ ᠮᠥᠴᠢᠷ ᠲᠠᠢ ᠬᠠᠷᠢᠯᠴᠠᠵᠤ ᠱᠠᠭᠠᠷᠳᠠᠯᠭ᠎ᠠ ᠶᠤᠰᠤᠭᠠᠷ ᠦᠯᠢᠭᠡᠷ ᠠᠪᠴᠤ | ᠪᠠᠶᠢᠴᠠᠭᠠᠨ ᠬᠡᠮᠵᠢᠬᠦ ᠶᠢᠨ ᠬᠠᠮᠲᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠵᠡᠷᠭᠡ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ | ᠬᠤᠶᠠᠷ᠂ 6 ᠰᠠᠷ᠎ᠠ ᠶᠢᠨ 13 ᠤ ᠡᠳᠦᠷ ᠤᠨ ᠳᠠᠩ ᠴᠠᠭ ᠠᠴᠠ ᠰᠡᠭᠦᠯᠡᠷ᠂ ᠪᠡᠭᠡᠵᠢᠩ ᠬᠤᠲᠠ ᠶᠢᠨ ᠹᠧᠩ ᠲᠠᠢ | ᠲᠣᠭᠤᠷᠢᠭ᠂ ᠰᠢ ᠴᠧᠩ ᠲᠣᠭᠤᠷᠢᠭ᠂ ᠹᠠᠩ ᠱᠠᠨ ᠲᠣᠭᠤᠷᠢᠭ᠂ ᠳ᠋ᠠ ᠰᠢᠩ ᠲᠣᠭᠤᠷᠢᠭ ᠵᠡᠷᠭᠡ ᠳᠤᠮᠳᠠ ᠦᠨᠳᠦᠷ | ᠲᠦᠭᠰᠢᠬᠦᠷᠢᠳᠡᠢ ᠣᠷᠣᠨ ᠠᠴᠠ ᠮᠠᠨ ᠤ ᠬᠤᠲᠠ ᠳᠤ ᠣᠷᠣᠵᠤ ᠢᠷᠡᠭᠰᠡᠨ ᠬᠥᠮᠦᠰ ᠡᠷᠬᠡᠪᠰᠢ ᠮᠠᠨ ᠤ ᠬᠤᠲᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠰᠠᠭᠤᠷᠢᠰᠢᠵᠦ ᠪᠠᠶᠢᠭ᠎ᠠ ᠨᠡᠶᠢᠭᠡᠮ ᠲᠤᠭᠤᠷᠢᠭ | ︵ᠭᠠᠴᠠᠭᠠᠨ ᠤ ᠵᠥᠪᠯᠡᠯ︶᠂ ᠪᠠᠶᠢᠭᠤᠯᠭ᠎ᠠ ᠨᠢᠬᠡᠴᠡ᠂ ᠬᠤᠨᠤᠬᠯᠠᠬᠰᠠᠨ ᠪᠠᠭᠤᠳᠠᠯ ᠪᠠ ᠬᠤᠪᠢ ᠬᠥᠮᠦᠨ ᠤ ᠡᠷᠡᠭᠦᠯ | ᠮᠡᠨᠳᠦ ᠶᠢᠨ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠃ ᠡᠭᠦᠨ ᠤ ᠬᠠᠮᠲᠤ ᠴᠥᠮ ︽14 | ᠡᠳᠦᠷ ᠲᠥᠪᠯᠡᠷᠡᠭᠦᠯᠦᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ + 2 ᠤᠳᠠᠭᠠᠨ ᠤ ᠪᠥᠭᠡᠮ | ᠬᠦᠴᠢᠯ ᠤᠨ ᠪᠠᠶᠢᠴᠠᠭᠠᠨ ᠬᠡᠮᠵᠢᠯᠲᠡ + 1 ᠤᠳᠠᠭᠠᠨ ᠤ ᠴᠢᠰᠤᠨ ᠲᠤᠩᠭᠠᠯᠠᠭ ᠤᠨ ᠡᠰᠡᠷᠭᠦ ᠴᠣᠭᠴᠠ ᠶᠢ ᠪᠠᠶᠢᠴᠠᠭᠠᠨ | ᠰᠢᠨᠵᠢᠬᠦ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | ᠭᠤᠷᠪᠠ᠂ ᠳᠡᠭᠡᠷ᠎ᠡ ᠳᠤᠷᠠᠳᠤᠭᠰᠠᠨ ᠬᠥᠮᠦᠰ ᠡᠷᠬᠡᠪᠰᠢ ᠮᠠᠨ ᠤ ᠬᠤᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠬᠤᠯᠪᠣᠭᠳᠠᠯ ᠪᠦᠬᠦᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠮᠡᠳᠡᠭᠡ | ᠵᠠᠩᠭᠢ ᠶᠢ ᠬᠤᠶᠢᠰᠢᠯᠠᠭᠤᠯᠤᠨ ᠮᠡᠳᠡᠭᠦᠯᠬᠦ᠂ ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ᠂ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠳᠤ ᠬᠠᠮᠵᠢᠯᠴᠠᠬᠤ ᠦᠭᠡᠢ᠂ ᠬᠢᠵᠢᠭ ᠤᠨ ᠪᠠᠶᠢᠳᠠᠯ ᠢ | ᠲᠠᠷᠬᠠᠭᠠᠬᠤ ᠵᠡᠷᠭᠡ ᠬᠦᠨᠳᠦ ᠨᠣᠴᠢᠲᠠᠶ ᠤᠷᠰᠢᠭ ᠲᠠᠲᠠᠭᠰᠠᠨ ᠬᠠᠮᠢᠶ᠎ᠠ ᠪᠦᠬᠦᠢ ᠬᠠᠷᠢᠭᠤᠴᠠᠯᠭ᠎ᠠ ᠶᠢ ᠬᠠᠤᠯᠢ ᠶᠣᠰᠣᠭᠠᠷ | ᠨᠡᠬᠡᠮᠵᠢᠯᠡᠬᠦ ᠬᠡᠷᠡᠭᠲᠡᠶ᠃ ᠥᠷᠭᠡᠨ ᠣᠯᠠᠨ ᠬᠤᠲᠠ ᠶᠢᠨ ᠠᠷᠠᠳ ᠲᠦᠮᠡᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠲᠡᠮᠵᠢᠨ ᠬᠠᠮᠵᠢᠯᠴᠠᠵᠤ᠂ ᠬᠠᠮᠢᠶᠠᠷᠤᠨ ᠡᠵᠡᠮᠳᠡᠭᠰᠡᠨ ᠦᠭᠡᠢ ᠳᠡᠭᠡᠷ᠎ᠡ ᠳᠤᠷᠠᠳᠤᠭᠰᠠᠨ ᠪᠠᠶᠢᠳᠠᠯ | ᠲᠠᠢ ᠬᠥᠮᠦᠰ ᠢ ᠣᠯᠵᠤ ᠮᠡᠳᠡᠭᠰᠡᠨ ᠪᠤᠶᠤ ᠬᠠᠮᠢᠶ᠎ᠠ ᠪᠦᠬᠦᠢ ᠪᠠᠶᠢᠳᠠᠯ ᠢ ᠡᠵᠡᠮᠰᠢᠭᠰᠡᠨ ᠪᠠᠶᠢᠪᠠᠯ᠂ ᠴᠠᠭ ᠲᠤᠬᠠᠢ ᠳᠤᠨᠢ | ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠪᠤᠶᠤ ᠬᠠᠮᠢᠶᠠᠷᠤᠬᠳᠠᠵᠦ | ᠪᠠᠶᠢᠭ᠎ᠠ ᠨᠡᠶᠢᠭᠡᠮ ᠲᠣᠭᠤᠷᠢᠭ ︵ᠭᠠᠴᠠᠭᠠᠨ ᠤ ᠠᠷᠠᠳ ᠤᠨ ᠵᠥᠪᠯᠡᠯ︶ ᠲᠤ ᠢᠯᠡᠴᠢᠯᠡᠨ ᠮᠡᠳᠡᠭᠦᠯᠬᠦ ᠬᠡᠷᠡᠭᠲᠡᠢ᠃ | ᠲᠦᠷᠪᠡ᠂ ᠭᠠᠳᠠᠭᠠᠳᠤ ᠠᠴᠠ ᠣᠷᠣᠭᠤᠯᠤᠭᠰᠠᠨ ᠳᠠᠯᠠᠢ ᠶᠢᠨ ᠢᠳᠡᠭᠡᠨ᠂ ᠦᠬᠡᠷ ᠬᠤᠨᠢᠨ ᠮᠢᠬᠠᠨ ᠤ | ᠪᠦᠲᠦᠭᠡᠭᠳᠡᠬᠦᠨ ᠢ ᠬᠢᠨᠠᠨ ᠬᠠᠮᠢᠶᠠᠷᠴᠤ ᠵᠢᠭᠰᠠᠭᠠᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ᠃ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠶᠢᠷ᠎ᠠ ᠶᠢᠨ ᠬᠤᠶᠠᠷ ᠭᠠᠷᠠᠭ ᠤᠨ ᠲᠤᠳᠤᠷᠠᠬᠢ ᠮᠠᠨ ᠤ ᠬᠤᠲᠠ ᠶᠢᠨ | ᠭᠠᠳᠠᠭᠠᠳᠤ ᠠᠴᠠ ᠣᠷᠣᠭᠤᠯᠤᠭᠰᠠᠨ ᠳᠠᠯᠠᠢ ᠶᠢᠨ ᠢᠳᠡᠭᠡᠨ ᠵᠡᠷᠭᠡ ᠤᠰᠤᠨ ᠭᠠᠷᠤᠯᠲᠠ᠂ ᠭᠠᠳᠠᠭᠠᠳᠤ ᠠᠴᠠ | ᠣᠷᠣᠭᠤᠯᠤᠭᠰᠠᠨ ᠬᠥᠯᠳᠡᠭᠡᠭᠰᠡᠨ ᠦᠬᠡᠷ ᠬᠤᠨᠢᠨ ᠮᠢᠬ᠎ᠠ ᠵᠡᠷᠭᠡ ᠪᠦᠲᠦᠭᠡᠭᠳᠡᠬᠦᠨ ᠤ ᠣᠷᠣᠵᠤ ᠢᠷᠡᠭᠰᠡᠨ᠂ | ᠬᠠᠳᠠᠭᠠᠯᠠᠭᠰᠠᠨ᠂ ᠠᠷᠠᠯᠵᠢᠶᠠᠯᠠᠭᠰᠠᠨ ᠵᠡᠷᠭᠡ ᠪᠠᠶᠢᠳᠠᠯ ᠢ ᠵᠣᠬᠢᠶᠠᠨ ᠪᠠᠶᠢᠭᠤᠯᠤᠨ ᠪᠠᠶᠢᠴᠠᠭᠠᠵᠤ᠂ ᠳᠡᠭᠡᠷ᠎ᠡ | ᠳᠤᠷᠠᠳᠤᠭᠰᠠᠨ ᠢᠳᠡᠭᠡᠨ ᠤ ᠠᠷᠠᠯᠵᠢᠶᠠᠨ ᠤ ᠵᠠᠬ᠎ᠠ ᠳᠡᠯᠭᠡᠭᠦᠷ᠂ ᠲᠤᠰᠬᠠᠶ ᠮᠡᠷᠭᠡᠵᠢᠯ ᠤᠨ ᠬᠦᠯᠳᠡᠭᠡᠭᠦ ᠬᠠᠳᠠᠭᠠᠯᠠᠬᠤ | ᠬᠥᠮᠥᠷᠭᠡ᠂ ᠬᠡᠲᠦ ᠳᠡᠯᠭᠡᠭᠦᠷ᠂ ᠳᠥᠭᠦᠮ ᠳᠡᠯᠭᠡᠭᠦᠷ᠂ ᠢᠳᠡᠭᠡᠨ ᠤ ᠳᠡᠯᠭᠡᠭᠦᠷ ᠵᠢᠴᠢ ᠮᠢᠬᠠᠨ ᠤ ᠵᠦᠢᠯ ᠪᠠ ᠤᠰᠤᠨ | ᠭᠠᠷᠤᠯᠲᠠ ᠶᠢ ᠬᠡᠷᠡᠭᠯᠡᠬᠦ ᠬᠡᠮᠵᠢᠶ᠎ᠡ ᠪᠠᠷ ᠶᠡᠭᠡ ᠪᠠᠶᠢᠭ᠎ᠠ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠵᠡᠷᠭᠡ | ᠡᠵᠡᠩᠨᠡᠭᠴᠢ ᠪᠠᠷ ᠭᠤᠤᠯᠳᠠᠯᠭ᠎ᠠ ᠪᠣᠯᠭᠠᠨ᠎ᠠ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠢ | ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠨ᠎ᠠ᠃ ᠢᠳᠡᠭᠡᠨ᠂ ᠣᠷᠴᠢᠨ ᠲᠣᠭᠤᠷᠢᠨ ᠪᠠ ᠬᠠᠮᠢᠶ᠎ᠠ ᠪᠦᠬᠦᠢ ᠠᠵᠢᠯ | ᠡᠷᠬᠢᠯᠡᠭᠰᠡᠳ ᠲᠤ ᠬᠡᠪ ᠦᠯᠢᠭᠡᠷ ᠠᠪᠴᠤ ᠪᠠᠶᠢᠴᠠᠭᠠᠨ ᠰᠢᠯᠭᠠᠬᠤ ᠬᠡᠷᠡᠭᠲᠡᠶ᠃ | ᠲᠠᠪᠤ᠂ ᠡᠯ᠎ᠡ ᠡᠮᠴᠢᠯᠡᠭᠡᠨ ᠤ ᠪᠠᠶᠢᠭᠤᠯᠤᠮᠵᠢ ᠤᠷᠢᠳᠴᠢᠯᠠᠨ ᠪᠠᠶᠢᠴᠠᠭᠠᠵᠤ ᠬᠤᠪᠢ ᠬᠤᠪᠢᠶᠠᠨ ᠣᠨᠣᠰᠢᠯᠠᠬᠤ | ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ ᠵᠡᠷᠭᠡ ᠡᠪᠡᠳᠴᠢᠨ ᠤ | ᠢᠯᠡᠷᠡᠯ ᠲᠠᠢ ᠡᠪᠡᠳᠴᠢᠲᠡᠨ ᠢ ᠰᠠᠶᠢᠲᠤᠷ ᠰᠡᠷᠭᠡᠶᠢᠯᠡᠬᠦ ᠨᠥᠬᠦᠴᠡᠯ ᠳᠣᠣᠷ᠎ᠠ ᠬᠠᠯᠠᠭᠤᠷᠠᠬᠤ ᠡᠭᠦᠳᠡᠨ ᠡᠮᠨᠡᠯᠭᠡ ᠳᠤ | ᠣᠴᠢᠵᠤ ᠡᠮᠨᠡᠭᠦᠯᠦᠨ᠎ᠡ᠃ ᠬᠠᠯᠠᠭᠤᠷᠠᠬᠤ ᠡᠭᠦᠳᠡᠨ ᠡᠮᠨᠡᠯᠭᠡ ᠳᠤ ᠬᠦᠷᠴᠦ ᠡᠮᠨᠡᠭᠦᠯᠦᠭᠰᠡᠨ ᠪᠣᠢ ᠪᠦᠬᠦᠢ | ᠡᠪᠡᠳᠴᠢᠲᠡᠨ ᠳᠤ᠂ ᠡᠷᠬᠡᠪᠰᠢ ︽ᠡᠷᠡᠭᠦᠯ ᠮᠡᠨᠳᠦ ᠶᠢᠨ ᠺᠣᠳ᠋︾ ᠢ ᠰᠢᠷᠪᠢᠯᠳᠡ ᠬᠢᠬᠦ ᠶᠢᠨ ᠬᠠᠮᠲᠤ ᠴᠥᠮ᠎ᠡ ᠶᠢᠨ | ᠬᠦᠴᠢᠯ ᠤᠨ ᠰᠢᠯᠭᠠᠨ ᠪᠠᠶᠢᠴᠠᠭᠠᠯᠳᠠ ᠬᠢᠵᠦ᠂ ᠢᠯᠠᠩᠭᠤᠶ᠎ᠠ 14 ᠡᠳᠦᠷ ᠤᠨ ᠳᠣᠲᠣᠷ᠎ᠠ ᠪᠡᠭᠡᠵᠢᠩ ᠳᠤ ᠰᠠᠭᠤᠭᠰᠠᠨ | ᠲᠡᠤᠬᠡ ᠪᠠ ᠭᠠᠳᠠᠭᠠᠳᠤ ᠠᠴᠠ ᠣᠷᠣᠭᠤᠯᠤᠭᠰᠠᠨ ᠲᠡᠯᠡᠶ ᠶᠢᠨ ᠢᠳᠡᠭᠡᠨ᠂ ᠭᠠᠳᠠᠭᠠᠳᠤ ᠠᠴᠠ ᠣᠷᠣᠭᠤᠯᠤᠭᠰᠠᠨ ᠦᠬᠡᠷ | ᠬᠤᠨᠢᠨ ᠮᠢᠬ᠎ᠠ ᠵᠡᠷᠭᠡ ᠦᠢᠯᠡᠳᠬᠦᠨ ᠲᠠᠢ ᠣᠶᠢᠷᠠᠲᠤᠭᠰᠠᠨ ᠲᠡᠤᠬᠡ ᠶᠢ ᠠᠩᠬᠠᠷᠤᠨ ᠠᠰᠠᠭᠤᠬᠤ ᠬᠡᠷᠡᠭᠲᠡᠶ᠃ | ᠵᠢᠷᠭᠤᠭ᠎ᠠ᠂ ᠥᠷᠭᠡᠨ ᠣᠯᠠᠨ ᠬᠤᠲᠠ ᠶᠢᠨ ᠠᠷᠠᠳ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ | ᠤᠬᠠᠮᠰᠠᠷ ᠢᠶᠠᠨ ᠶᠠᠭᠠᠬᠢᠭᠰᠠᠨ ᠴᠤ ᠰᠤᠯᠠᠷᠠᠭᠤᠯᠵᠤ ᠪᠣᠯᠬᠤ ᠦᠭᠡᠢ᠂ ᠬᠤᠪᠢ ᠬᠥᠮᠦᠨ ᠤ ᠰᠡᠷᠭᠡᠶᠢᠯᠡᠯᠲᠡ ᠪᠠᠨ | ᠴᠢᠩᠭᠠᠳᠬᠠᠬᠤ ᠶᠢ ᠠᠩᠬᠠᠷᠴᠤ᠂ ᠢᠳᠡᠭᠡᠨ ᠢ ᠰᠠᠶᠢᠳᠤᠷ ᠴᠢᠨᠠᠵᠤ ᠪᠤᠯᠭᠤᠮᠠᠨᠵᠢᠨ ᠰᠠᠶ᠋ᠢ ᠢᠳᠡᠵᠦ᠂ ᠲᠦᠭᠦᠬᠡᠢ | ᠬᠦᠢᠲᠡᠨ ᠢᠳᠡᠭᠡᠨ ᠢᠳᠡᠵᠦ ᠪᠣᠯᠬᠤ ᠦᠭᠡᠢ᠃ ᠬᠡᠷᠪᠡ ᠴᠢᠬᠤᠯᠠ ᠶᠠᠪᠤᠳᠠᠯ ᠦᠭᠡᠢ ᠪᠣᠯ᠂ ᠣᠶᠢᠷ᠎ᠠ ᠳᠤ ᠪᠡᠭᠡᠵᠢᠩ | ᠬᠤᠲᠠ᠂ ᠢᠯᠠᠩᠭᠤᠶ᠎ᠠ ᠹᠧᠩ ᠲᠠᠢ ᠲᠣᠭᠤᠷᠢᠭ᠂ ᠰᠢ ᠴᠧᠩ ᠲᠣᠭᠤᠷᠢᠭ᠂ ᠹᠠᠩ ᠱᠠᠨ ᠲᠣᠭᠤᠷᠢᠭ᠂ ᠳ᠋ᠠ ᠰᠢᠩ | ᠲᠣᠭᠤᠷᠢᠭ ᠵᠡᠷᠭᠡ ᠳᠤᠮᠳᠠ ᠥᠨᠳᠥᠷ ᠵᠡᠷᠭᠡ ᠶᠢᠨ ᠲᠦᠭᠰᠢᠭᠦᠷᠢᠲᠡᠶ ᠭᠠᠵᠠᠷ ᠤᠷᠤᠨ ᠳᠤ ᠬᠦᠷᠴᠦ ᠪᠣᠯᠬᠤ ᠥᠬᠡᠶ︔ | ᠬᠡᠷᠪᠡ ᠵᠠᠪᠠᠯ ᠣᠴᠢᠬᠤ ᠴᠢᠬᠤᠯᠠᠳᠠᠢ ᠪᠣᠯ᠂ ᠪᠠᠶᠢᠭᠤᠯᠭ᠎ᠠ ᠨᠢᠬᠡᠴᠡ ᠪᠤᠶᠤ ᠬᠠᠮᠢᠶᠠᠷᠤᠬᠳᠠᠵᠦ ᠪᠠᠶᠢᠭ᠎ᠠ ᠨᠡᠶᠢᠭᠡᠮ | ᠲᠣᠭᠤᠷᠢᠭ ︵ᠭᠠᠴᠠᠭᠠᠨ ᠤ ᠠᠷᠠᠳ ᠤᠨ ᠵᠥᠪᠯᠡᠯ︶ ᠲᠤ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠶᠢᠨ ᠬᠠᠮᠲᠤ | ᠬᠤᠪᠢ ᠬᠥᠮᠦᠨ ᠤ ᠬᠠᠮᠠᠭᠠᠯᠠᠯᠲᠠ ᠶᠢ ᠡᠷᠬᠡᠪᠰᠢ ᠰᠠᠶᠢᠲᠤᠷ ᠬᠢᠬᠦ ᠬᠡᠷᠡᠭᠳᠡᠢ᠃ ᠪᠡᠭᠡᠵᠢᠩ ᠬᠤᠲᠠ ᠠᠴᠠ ᠮᠠᠨ ᠤ | ᠬᠤᠲᠠ ᠳᠤ ᠪᠤᠴᠠᠬᠤ ᠠᠴᠠ ᠡᠮᠦᠨ᠎ᠡ᠂ ᠡᠷᠬᠡᠪᠰᠢ ᠰᠠᠨᠠᠭᠠᠴᠢᠯᠠᠭ᠎ᠠ ᠠᠴᠠ ᠪᠠᠨ ᠠᠵᠢᠯᠯᠠᠵᠤ ᠪᠠᠶᠢᠭ᠎ᠠ ᠨᠢᠬᠡᠴᠡ᠂ ᠨᠡᠶᠢᠭᠡᠮ | ᠲᠣᠭᠤᠷᠢᠭ ︵ᠭᠠᠴᠠᠭᠠᠨ ᠤ ᠠᠷᠠᠳ ᠤᠨ ᠵᠥᠪᠯᠡᠯ︶ ᠲᠤ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠮᠠᠨ ᠤ | ᠬᠤᠲᠠ ᠶᠢᠨ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠣᠰᠣᠭᠠᠷ ᠬᠡᠷᠡᠭᠵᠢᠭᠦᠯᠬᠦ ᠬᠡᠷᠡᠭᠲᠡᠢ᠃ | ᠹᠧᠩᠵᠧᠨ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠢᠯᠣᠭᠤᠳᠬᠤ ᠭᠠᠵᠠᠷ ᠤᠨ | ᠬᠠᠷᠢᠯᠴᠠᠬᠤ ᠤᠲᠠᠰᠤ᠄ 0474 — 3254540 | ᠹᠧᠩᠵᠧᠨ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠠᠷᠢᠯᠴᠠᠬᠤ ᠤᠲᠠᠰᠤ᠄ | 0474 - 3105898 | ᠹᠧᠩᠵᠧᠨ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠬᠰᠠᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ | 2020 ᠣᠨ ᠤ 6 ᠰᠠᠷ᠎ᠠ ᠶᠢᠨ 15 ᠤ ᠡᠳᠦᠷ | ᠤᠷᠴᠢᠭᠤᠯᠤᠬᠴᠢ᠄ ᠼᠦᠢ ᠶᠢᠩ | |