ᠹᠧᠩᠵᠧᠨ ᠬᠤᠲᠠ 2020 ᠣᠨ ᠤ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠡᠳ᠋ ᠤᠨ ᠵᠠᠰᠠᠭ ‍ᠤᠨ‌‍ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢᠨ ᠠᠯᠪᠠᠨ ᠵᠠᠷ ᠪᠠᠭᠤᠯᠭᠠᠪᠠ
ᠨᠡᠶᠢᠲᠡᠯᠡᠭᠰᠡᠨ ᠴᠠᠭ᠄
2020-06-16
    ︽︿ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠠᠷᠭ᠎ᠠ ﹀ ᠶᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠪᠠ ︽︿ᠶᠠᠳᠠᠭᠤ ᠶᠢ ᠲᠡᠳᠬᠦᠬᠦ ᠪᠠᠯᠠ ᠮᠥᠩᠭᠦ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ﹀ ᠤᠨ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠬᠢᠨᠠᠮᠠᠭᠠᠶ ᠰᠠᠶᠢᠲᠤᠷ ᠬᠢᠵᠦ᠂ ᠪᠡᠯᠡ ᠮᠥᠩᠭᠦ ᠰᠢᠯᠵᠢᠭᠦᠯᠦᠨ ᠥᠭᠬᠦ ᠠᠬᠢᠴᠠ ᠶᠢ ᠲᠦᠷᠭᠡᠳᠬᠡᠵᠦ᠂ ᠪᠡᠯᠡ ᠮᠥᠩᠭᠦ ᠶᠢᠨ ᠦᠷ᠎ᠡ ᠠᠰᠢᠭ ᠢ ᠲᠦᠷᠭᠡᠨ ᠪᠠᠳᠠᠷᠠᠭᠤᠯᠬᠤ ᠶᠢ ᠪᠠᠲᠤᠯᠠᠵᠤ᠂ ᠮᠠᠨ ᠤ ᠲᠣᠪᠴᠢᠶ᠎ᠠ ᠶᠠᠳᠠᠭᠤ ᠶᠢ ᠲᠡᠳᠬᠦᠬᠦ ᠠᠯᠪᠠᠨ ᠭᠡᠷ ᠤᠨ ᠠᠵᠢᠯ ᠤᠨ ᠵᠠᠷᠤᠳᠠᠯ ᠢ 10 ᠲᠦᠮᠡᠨ ᠲᠥᠭᠦᠷᠢᠭ ᠪᠠᠭᠤᠯᠭᠠᠪᠠ᠃ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ 50 ᠲᠦᠮᠡᠨ ᠲᠥᠭᠦᠷᠢᠭ᠂ ᠬᠤᠨ ᠶᠤᠸᠠᠨ ᠶᠣᠣ ᠰᠢᠶᠠᠩ ︵ᠶᠠᠳᠠᠭᠤ ᠶᠢ ᠲᠡᠳᠬᠦᠬᠦ ᠦᠢᠯᠡᠳᠪᠦᠷᠢ ᠶᠢᠨ ᠲᠠᠰᠤᠭ ᠤᠨ ᠲᠥᠬᠦᠭᠡᠷᠦᠮᠵᠢ︶ 13 ᠲᠦᠮᠡᠨ ᠲᠥᠭᠦᠷᠢᠭ᠂ ᠬᠤᠳᠠ ᠶᠢᠨ ᠡᠮᠦᠨ᠎ᠡ ᠲᠣᠭᠤᠷᠢᠭ ᠤᠨ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠲᠦᠷᠦᠯ ᠵᠦᠢᠯ ︵ᠤᠤᠭᠤᠬᠤ ᠤᠰᠤᠨ ᠤ ᠠᠮᠤᠷ ᠲᠦᠪᠰᠢᠨ︶ 10 ᠲᠦᠮᠡᠨ ᠲᠥᠭᠦᠷᠢᠭ᠂ ᠵᠢᠤᠢ ᠪᠦᠦ ᠵᠤᠸᠠᠩ ᠵᠢᠵᠢᠭ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ 10 ᠲᠦᠮᠡᠨ ᠲᠥᠭᠦᠷᠢᠭ᠂ ᠬᠤᠩ ᠱᠠ ᠪᠠ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ 10 ᠲᠦᠮᠡᠨ ᠲᠦᠭᠦᠷᠢᠭ᠂ ᠾᠸᠢ ᠲᠤ ᠲᠠᠢ ᠠᠵᠤ ᠦᠢᠯᠡᠰ ᠤᠨ ᠲᠥᠷᠥᠯ ᠵᠦᠢᠯ 200 ᠲᠦᠮᠡᠨ ᠲᠥᠭᠦᠷᠢᠭ᠂ ᠶᠤᠸᠠᠨ ᠱᠠᠨ ᠽᠢ ᠰᠢᠶᠠᠩ ᠤᠨ ᠠᠵᠤ ᠦᠢᠯᠡᠰ ᠤᠨ ᠲᠥᠷᠥᠯ ᠵᠦᠢᠯ 100 ᠲᠦᠮᠡᠨ ᠲᠥᠭᠦᠷᠢᠭ᠂ ᠬᠤᠳᠠ ᠶᠢᠨ ᠡᠮᠦᠨ᠎ᠡ ᠲᠣᠭᠤᠷᠢᠭ ᠤᠨ ᠠᠵᠤ ᠦᠢᠯᠡᠰ ᠤᠨ ᠲᠥᠷᠥᠯ ᠵᠦᠢᠯ 100 ᠲᠦᠮᠡᠨ ᠲᠥᠭᠦᠷᠢᠭ᠂ ᠬᠤᠩ ᠱᠠ ᠪᠠ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ︵ᠵᠠᠮ ᠤᠨ ᠪᠦᠲᠦᠭᠡᠨ ᠪᠠᠶᠢᠭᠤᠯᠤᠯᠲᠠ︶ 75 ᠲᠦᠮᠡᠨ  ᠲᠦᠭᠦᠷᠢᠭ᠂ ᠶᠤᠸᠠᠨ ᠱᠠᠨ ᠽᠢ ᠰᠢᠶᠠᠩ ᠤᠨ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ 70.5 ᠲᠦᠮᠡᠨ ᠲᠥᠭᠦᠷᠢᠭ᠂ ᠾᠧᠢ ᠲᠤ ᠲᠠᠢ ᠪᠠᠭ᠎ᠠ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠲᠥᠷᠥᠯ ᠵᠦᠢᠯ ︵ᠵᠠᠮ ᠤᠨ ᠪᠦᠲᠦᠭᠡᠨ ᠪᠠᠶᠢᠭᠤᠯᠤᠯᠳᠠ︶ 55.6 ᠲᠦᠮᠡᠨ ᠲᠥᠭᠦᠷᠢᠭ᠂ ᠨᠡᠶᠢᠲᠡ 704.1 ᠲᠦᠮᠡᠨ ᠲᠥᠭᠦᠷᠢᠭ ᠪᠤᠯᠤᠨ᠎ᠠ᠃     ᠲᠠᠶᠢᠯᠪᠤᠷᠢ᠄ ᠪᠣᠳᠠᠲᠠᠶ ᠲᠥᠷᠥᠯ ᠵᠦᠢᠯ ᠤᠨ ᠠᠭᠤᠯᠭ᠎ᠠ ᠶᠢ ᠡᠯ᠎ᠡ ᠵᠣᠭᠤᠰ ᠬᠡᠷᠡᠭᠯᠡᠬᠦ ᠰᠠᠯᠠᠭ᠎ᠠ ᠮᠥᠴᠢᠷ ᠠᠴᠠ  ᠪᠤᠳᠠᠳᠠᠢ ᠬᠡᠷᠡᠭᠵᠢᠭᠦᠯᠬᠦ ᠨᠢᠭᠡᠴᠡ ᠳᠤ ᠬᠤᠪᠢᠶᠠᠷᠢᠯᠠᠨ ᠣᠷᠣᠭᠤᠯᠤᠨ᠎ᠠ᠃                      ᠹᠧᠩᠵᠧᠨ ᠬᠤᠳᠠ ᠶᠢᠨ ᠡᠳ᠋ ᠤᠨ ᠵᠠᠰᠠᠭ ᠤᠨ ᠲᠤᠪᠴᠢᠶ᠎ᠠ                              2020 ᠣᠨ ᠤ 6 ᠰᠠᠷ᠎ᠠ ᠶᠢᠨ 11 ᠤ ᠡᠳᠦᠷ                        ᠵᠣᠬᠢᠶᠠᠭᠴᠢ᠄ ᠹᠧᠩᠵᠧᠨ ᠬᠤᠳᠠ ᠶᠢᠨ ᠡᠳ᠋ ᠤᠨ ᠵᠠᠰᠠᠭ ᠤᠨ ᠲᠤᠪᠴᠢᠶ᠎ᠠ                          ᠤᠷᠴᠢᠭᠤᠯᠤᠬᠴᠢ᠄ ᠼᠦᠢ ᠶᠢᠩ
 
ᠢᠷᠡᠯᠲᠡ᠄ ᠹᠧᠩᠵᠧᠨ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000072号-3