| — ᠹᠧᠩᠵᠧᠨ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠠᠨ | ᠰᠢᠶᠣᠤ ᠬᠤᠩ | ᠲᠣᠪᠴᠢ ᠲᠠᠨᠢᠯᠴᠠᠭᠤᠯᠭ᠎ᠠ᠄ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ | ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠭᠢᠮ ᠬᠠᠮᠲᠤᠷᠠᠨ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠭᠦᠨ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠲᠤᠬᠠᠶ | ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠭᠦᠨ ᠭᠦᠨᠵᠡᠭᠡᠶ ᠤᠳᠠᠭᠠᠨ ᠳᠠᠭᠠᠭᠠᠮᠠᠭᠠᠶ ᠪᠠᠷ ᠥᠷᠨᠢᠭᠦᠯᠬᠦ ᠲᠤᠬᠠᠶ | ᠪᠠᠶᠢᠷᠢᠯᠠᠭᠤᠯᠤᠯᠲᠠ ᠬᠢᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ | ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠢ ᠪᠠᠲᠤ ᠪᠠᠬᠢ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ | ᠦᠨᠳᠦᠰᠦᠲᠡᠨ ᠤ ᠪᠦᠯᠬᠦᠮᠳᠡᠯ ᠪᠣᠯᠤᠨ ᠬᠢᠯᠢ ᠬᠢᠵᠠᠭᠠᠷ ᠤᠨ ᠠᠮᠤᠷ ᠲᠣᠭᠲᠠᠭᠤᠨ ᠢ ᠯᠠᠪᠳᠠᠭᠤᠨ ᠪᠠᠲᠤᠲᠠᠢ ᠠᠬᠢᠭᠤᠯᠬᠤ | ︾ ᠵᠢᠭᠠᠪᠤᠷᠢ ᠶᠢᠨ ᠵᠣᠷᠢᠭ ᠰᠠᠨᠠᠭ᠎ᠠ ᠥᠪᠥᠷ ᠮᠣᠩᠭᠤᠯ ᠤᠨ ᠡᠬᠡ ᠭᠠᠵᠠᠷ ᠲᠤ ᠭᠦᠨ ᠦᠨᠳᠦᠰᠦᠯᠡᠵᠦ᠂ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠭᠦᠨ ᠬᠠᠳᠠᠩᠰᠢᠪᠠ᠃ ᠥᠨᠥᠳᠦᠷ᠂ ᠲᠤᠰ | ᠰᠦᠯᠵᠢᠶᠡᠨ ᠤ ᠰᠤᠷᠪᠤᠯᠵᠢᠯᠠᠭᠴᠢ ᠮᠠᠨ ᠤ ᠬᠤᠲᠠ ᠶᠢᠨ ᠡᠨᠡ ᠵᠢᠯ ᠤᠨ ᠦᠨᠳᠦᠰᠦᠲᠡᠨ ᠤ ᠬᠠᠮᠢᠶ᠎ᠠ ᠪᠦᠬᠦᠢ ᠠᠵᠢᠯ ᠤᠨ | ᠲᠤᠬᠠᠶ ᠹᠧᠩᠵᠧᠨ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠠᠨ ᠰᠢᠶᠥᠥ ᠬᠤᠩ ᠢ | ᠰᠤᠷᠪᠤᠯᠵᠢᠯᠠᠪᠠ᠃ | ᠰᠤᠷᠪᠤᠯᠵᠢᠯᠠᠭᠴᠢ᠄ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︖ ᠹᠧᠩᠵᠧᠨ ᠬᠤᠲᠠ ᠶᠢᠨ | ᠵᠠᠰᠠᠭ ᠤᠨ ᠤᠷᠳᠤᠨ ᠤ ᠰᠦᠯᠵᠢᠶᠡᠨ ᠳᠡᠭᠡᠷ᠎ᠡ ᠰᠤᠷᠪᠤᠯᠵᠢᠯᠠᠨ ᠶᠠᠷᠢᠯᠴᠠᠬᠤ ᠶᠢ ᠠᠩᠬᠠᠷᠤᠭᠠᠷᠠᠶ᠃ ᠲᠣᠰ | ᠬᠤᠭᠤᠴᠠᠭᠠᠨ ᠤ ᠰᠤᠷᠪᠤᠯᠵᠢᠯᠠᠭ᠎ᠠ ᠪᠠᠷ ᠣᠯᠠᠨ ᠳᠤ ᠤᠷᠢᠭᠰᠠᠨ ᠵᠣᠴᠢᠨ ᠪᠣᠯ ᠦᠨᠳᠦᠰᠦᠲᠡᠨ ᠤ ᠬᠡᠷᠡᠭ ᠡᠷᠭᠢᠯᠡᠬᠦ | ᠵᠥᠪᠯᠡᠯ ᠤᠨ ᠡᠷᠬᠢᠯᠡᠭᠴᠢ ᠠᠨ ᠰᠢᠶᠤᠤ ᠬᠤᠩ ᠪᠣᠯᠤᠨ᠎ᠠ᠃ | ᠰᠤᠷᠪᠤᠯᠵᠢᠯᠠᠭᠴᠢ᠄ ᠠᠨ ᠡᠷᠬᠢᠯᠡᠭᠴᠢ ᠰᠠᠶᠢᠨ ᠤᠤ︖ | ᠠᠨ ᠰᠢᠶᠤᠤ ᠬᠤᠩ᠄ ᠬᠥᠲᠥᠯᠥᠭᠴᠢ ᠰᠠᠶᠢᠨ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ | ᠰᠤᠷᠪᠤᠯᠵᠢᠯᠠᠭᠴᠢ᠄ ᠠᠨ ᠡᠷᠬᠢᠯᠡᠭᠴᠢ ᠦᠨᠳᠦᠰᠦᠲᠡᠨ ᠤ ᠠᠵᠢᠯ ᠪᠠ ᠦᠨᠳᠦᠰᠦᠲᠡᠨ ᠤ ᠪᠦᠯᠬᠦᠮᠳᠠᠯ ᠢ | ᠰᠠᠶᠢᠲᠤᠷ ᠬᠢᠬᠦ ᠶᠢᠨ ᠴᠢᠬᠤᠯᠠ ᠴᠢᠨᠠᠷ ᠢ ᠶᠠᠷᠢᠭᠠᠳ ᠥᠭᠭᠦᠨ᠎ᠡ ᠤᠤ︖ | ᠠᠨ ᠰᠢᠶᠤᠤ ᠬᠤᠩ᠄ ᠨᠠᠮ ᠤᠨ ᠲᠥᠪ ᠬᠤᠷᠢᠶ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠦᠨᠳᠦᠰᠦᠲᠡᠨ ᠤ | ᠪᠦᠯᠬᠦᠮᠳᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢ᠂ ᠶᠡᠷᠦᠩᠬᠡᠶ ᠱᠦᠵᠢ ᠰᠢ ᠶᠢᠨ ᠫᠢᠩ ᠳᠤᠮᠳᠠᠳᠤ ᠶᠢᠨ ᠦᠨᠳᠤᠰᠦᠳᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠪᠡᠶᠡᠯᠡᠭᠦᠯᠬᠦ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠣᠯᠠᠨ ᠦᠨᠳᠦᠰᠦᠲᠡᠨ ᠲᠠᠢ | ᠨᠢᠭᠡᠳᠦᠭᠰᠡᠨ ᠤᠯᠤᠰ ᠤᠨ ᠦᠨᠳᠦᠰᠦᠲᠡᠨ ᠤ ᠪᠦᠯᠬᠦᠮᠳᠡᠯ ᠤᠨ ᠠᠰᠠᠭᠤᠳᠠᠯ ᠤᠨ ᠲᠣᠭᠤᠷᠢᠨ ᠳᠤ ᠠᠯᠢ ᠣᠯᠠᠨ | ᠴᠢᠬᠤᠯᠠ ᠶᠠᠷᠢᠶ᠎ᠠ ᠲᠠᠯᠪᠢᠵᠤ᠂ ᠦᠨᠳᠦᠰᠦᠲᠡᠨ ᠤ ᠪᠦᠯᠬᠦᠮᠳᠡᠯ ᠤᠨ ᠰᠢᠨ᠎ᠡ ᠲᠡᠤᠬᠡᠨ ᠨᠥᠬᠦᠴᠡᠯ ᠳᠣᠤᠷ᠎ᠠ ᠲᠤᠯᠭᠠᠷᠠᠵᠤ | ᠪᠠᠶᠢᠭ᠎ᠠ ᠠᠯᠢ ᠣᠯᠠᠨ ᠴᠢᠬᠤᠯᠠ ᠶᠡᠭᠡ ᠣᠨᠣᠯ ᠤᠨ ᠪᠠ ᠪᠣᠳᠠᠲᠠᠶ ᠠᠰᠠᠭᠤᠳᠠᠯ ᠳᠤ ᠭᠦᠨᠵᠡᠭᠡᠶ ᠬᠠᠷᠢᠭᠤᠯᠲᠠ ᠥᠭᠴᠦ᠂ | ᠰᠢᠨ᠎ᠡ ᠴᠠᠭ ᠦᠶ᠎ᠡ ᠳᠤ ᠦᠨᠳᠤᠰᠦᠳᠡᠨ ᠤ ᠪᠦᠯᠬᠦᠮᠳᠡᠯ ᠢ ᠴᠢᠩᠭᠠᠳᠬᠠᠬᠤ ᠰᠢᠨ᠎ᠡ ᠣᠶᠢᠯᠠᠭᠠᠭᠳᠠᠬᠤᠨ ᠪᠠ ᠰᠢᠨ᠎ᠡ | ᠰᠡᠳᠬᠢᠮᠵᠢ ᠶᠢ ᠳᠤᠷᠠᠳᠤᠨ ᠭᠠᠷᠭᠠᠪᠠ᠃ ᠠᠭᠤᠯᠤᠭᠳᠠᠬᠤᠨ ᠨᠢ ᠪᠠᠶᠠᠯᠢᠭ᠂ ᠦᠵᠡᠯ ᠰᠠᠨᠠᠭ᠎ᠠ ᠨᠢ ᠭᠦᠨ ᠭᠦᠨᠵᠡᠭᠡᠶ | ᠪᠠᠶᠢᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠳᠠᠭᠠᠭᠤᠯᠵᠤ | ᠦᠨᠳᠦᠰᠦᠲᠡᠨ ᠤ ᠪᠦᠯᠬᠦᠮᠳᠡᠯ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ ᠢᠯᠠᠩᠭᠤᠶ᠎ᠠ | ᠶᠡᠷᠦᠩᠬᠡᠢ ᠱᠦᠵᠢ ᠰᠢ ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ᠂ ᠮᠠᠨ ᠤ ᠤᠯᠤᠰ ᠪᠣᠯ ᠤᠯᠠᠨ ᠦᠨᠳᠦᠰᠦᠲᠡᠨ ᠲᠠᠢ | ᠨᠢᠭᠡᠳᠦᠭᠰᠡᠨ ᠤᠯᠤᠰ ᠮᠥᠨ᠂ ᠦᠨᠳᠦᠰᠦᠲᠡᠨ ᠤ ᠪᠦᠯᠬᠦᠮᠳᠡᠯ ᠪᠣᠯ ᠦᠨᠳᠦᠰᠦᠳᠡᠨ ᠨᠦᠭᠦᠳ ᠤᠨ ᠠᠷᠠᠳ ᠲᠦᠮᠡᠨ ᠤ | ᠠᠮᠢᠨ ᠰᠤᠳᠠᠰᠤ ᠮᠥᠨ᠃ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ ᠶᠢᠨ ᠦᠨᠳᠦᠰᠦ ᠨᠢ ᠦᠨᠳᠦᠰᠦᠲᠡᠨ ᠤ | ᠣᠷᠣᠨ ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠳᠤ ᠪᠠᠶᠢᠨ᠎ᠠ᠃ | ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠤᠨ ᠲᠤᠭ ᠢ ᠥᠨᠳᠥᠷ ᠮᠠᠨᠳᠤᠭᠤᠯᠵᠤ᠂ ᠨᠠᠮ ᠤᠨ ᠦᠨᠳᠦᠰᠦᠲᠡᠨ ᠤ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠲᠡᠨ ᠤ ᠣᠷᠣᠨ ᠤ ᠥᠪᠡᠷᠲᠡᠭᠡᠨ | ᠵᠠᠰᠠᠬᠤ ᠪᠠᠶᠢᠭᠤᠯᠤᠯ ᠭᠡᠬᠦ ᠡᠨᠡ ᠬᠦ ᠤᠨᠤᠯ ᠤᠨ ᠦᠨᠳᠦᠰᠦ ᠰᠤᠷᠪᠤᠯᠵᠢ ᠶᠢ ᠶᠠᠪᠤᠬᠤ ᠲᠤᠳᠤᠮ ᠭᠦᠨ ᠪᠣᠯᠭᠠᠵᠤ᠂ | ᠦᠢᠯᠡᠳᠦᠯᠭᠡ ᠶᠢᠨ ᠦᠨᠳᠦᠰᠦ ᠰᠠᠭᠤᠷᠢ ᠶᠢ ᠶᠠᠪᠤᠬᠤ ᠲᠤᠳᠤᠮ ᠪᠠᠲᠤ ᠪᠠᠬᠢ ᠪᠣᠯᠭᠠᠬᠤ ᠬᠡᠷᠡᠭᠲᠡᠶ᠃ ᠦᠨᠳᠦᠰᠦᠲᠡᠨ ᠤ | ᠪᠦᠯᠬᠦᠮᠳᠡᠯ ᠢ ᠴᠢᠩᠭᠠᠳᠬᠠᠬᠤ ᠶᠢᠨ ᠰᠠᠭᠤᠷᠢ ᠨᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ | ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠳᠤ | ᠪᠠᠶᠢᠨ᠎ᠠ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠬᠡᠵᠢᠬᠦᠯᠵᠦ᠂ | ᠦᠨᠳᠤᠰᠦᠳᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠡᠯ᠎ᠡ ᠦᠨᠳᠤᠰᠦᠳᠡᠨ | ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠵᠤ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ | ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠳᠤᠪᠠᠷ ᠴᠣᠭᠴᠠᠯᠠᠨ᠎ᠠ᠃ | ᠰᠤᠷᠪᠤᠯᠵᠢᠯᠠᠭᠴᠢ᠄ ᠠᠨ ᠡᠷᠬᠢᠯᠡᠭᠴᠢ ᠮᠠᠨ ᠤ ᠬᠤᠲᠠ ᠶᠢᠨ 2019 ᠣᠨ ᠤ ᠪᠥᠬᠦ ᠬᠤᠲᠠ ᠶᠢᠨ | ᠦᠨᠳᠦᠰᠦᠲᠡᠨ ᠤ ᠠᠵᠢᠯ ᠤᠨ ᠶᠡᠷᠦᠩᠬᠡᠶ ᠰᠡᠳᠬᠢᠮᠵᠢ ᠶᠢ ᠶᠠᠷᠢᠭᠠᠳ ᠥᠭᠭᠦᠨ᠎ᠡ ᠤᠤ︖ | ᠠᠨ ᠰᠢᠶᠤᠤ ᠬᠤᠩ᠄ ᠪᠢᠳᠡ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ | ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ | ᠠᠵᠢᠯ ᠢ ᠰᠠᠶᠢᠲᠤᠷ ᠬᠢᠬᠦ᠂ ᠦᠨᠳᠦᠰᠦᠲᠡᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠴᠢᠬᠤᠯᠠ ᠴᠢᠨᠠᠷ᠂ | ᠲᠤᠯᠭᠠᠮ᠎ᠠ ᠴᠢᠨᠠᠷ ᠢ ᠭᠦᠢᠴᠡᠳ ᠲᠠᠨᠢᠬᠤ ᠬᠡᠷᠡᠭᠲᠡᠢ᠃ ᠡᠨᠡ ᠵᠢᠯ᠂ ᠪᠦᠬᠦ ᠬᠤᠲᠠ ᠶᠢᠨ ᠦᠨᠳᠦᠰᠦᠲᠡᠨ ᠤ ᠠᠵᠢᠯ ᠨᠢ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠮᠠᠨ ᠤ ᠬᠤᠲᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠵᠤ᠂ | ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠶ ᠪᠠᠷ ᠤᠷᠤᠭᠰᠢᠯᠠᠬᠤ ᠬᠡᠷᠡᠭᠲᠡᠶ᠃ ︽ᠳᠤᠮᠳᠠᠳᠤ ᠶᠢᠨ | ᠦᠨᠳᠦᠰᠦᠲᠡᠨ ᠨᠢᠭᠡ ᠭᠡᠷ ᠤᠨ ᠬᠥᠮᠦᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ | ᠬᠠᠮᠳᠤᠪᠠᠷ ᠲᠡᠷᠭᠡᠯᠰᠢᠭᠦᠯᠬᠦ︾ ᠶᠡᠷᠦᠩᠬᠡᠶ ᠬᠠᠷᠠᠯᠲᠠ ᠲᠠᠢ ᠨᠢᠭᠲᠠ ᠤᠶᠠᠯᠳᠤᠭᠤᠯᠤᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠤᠰᠦᠳᠡᠨ ᠤ | ᠪᠦᠯᠬᠦᠮᠳᠡᠯ ᠪᠠ ᠬᠢᠯᠢ ᠬᠢᠵᠠᠭᠠᠷ ᠤᠨ ᠲᠣᠭᠲᠠᠭᠤᠨ ᠪᠠᠶᠢᠳᠠᠯ ᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ | ᠦᠵᠡᠭᠦᠯᠬᠦ ᠬᠡᠷᠡᠭᠲᠡᠶ᠃ | ᠰᠤᠷᠪᠤᠯᠵᠢᠯᠠᠭᠴᠢ᠄ ᠠᠨ ᠡᠷᠬᠢᠯᠡᠭᠴᠢ ᠮᠠᠨ ᠤ ᠬᠤᠲᠠ ᠶᠢᠨ 2019 ᠣᠨ ᠤ ᠪᠥᠬᠦ ᠬᠤᠲᠠ ᠶᠢᠨ | ᠦᠨᠳᠦᠰᠦᠲᠡᠨ ᠤ ᠠᠵᠢᠯ ᠤᠨ ᠭᠤᠤᠯ ᠠᠭᠤᠯᠭ᠎ᠠ ᠶᠢ ᠶᠠᠷᠢᠭᠠᠳ ᠥᠭᠭᠦᠨ᠎ᠡ ᠤᠤ︖ | ᠠᠨ ᠰᠢᠶᠤᠤ ᠬᠤᠩ᠄ 2019 ᠣᠨ ᠳᠤ ᠮᠠᠨ ᠤ ᠬᠤᠲᠠ ᠶᠢᠨ ᠦᠨᠳᠦᠰᠦᠲᠡᠨ ᠤ ᠠᠵᠢᠯ ᠳᠤ ᠭᠤᠤᠯᠳᠠᠭᠤ | ᠳᠣᠤᠷᠠᠬᠢ ᠬᠡᠳᠦᠨ ᠠᠭᠤᠯᠭ᠎ᠠ ᠪᠣᠶ᠄ | ᠨᠢᠭᠡ ᠳᠤ᠂ ᠦᠨᠳᠦᠰᠦᠲᠡᠨ ᠤ ᠶᠠᠳᠠᠭᠤ ᠶᠢ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ 2018 | ᠣᠨ ᠳᠤ ᠮᠠᠨ ᠤ ᠬᠤᠲᠠ ᠾᠧᠢ ᠲᠤ ᠲᠠᠢ ᠪᠠᠯᠭᠠᠰᠤᠨ ᠤ ᠳ᠋ᠤᠸᠠᠨ ᠵᠢᠶᠠ ᠶᠢᠩ ᠳᠤ ᠠᠯᠠᠰᠢᠨ ᠦᠬᠡᠷ ᠲᠡᠵᠢᠭᠡᠨ | ᠦᠷᠡᠵᠢᠬᠦᠯᠬᠦ ᠰᠠᠭᠤᠷᠢᠨ ᠭᠠᠵᠠᠷ ᠪᠠᠶᠢᠭᠤᠯᠵᠤ᠂ ᠲᠦᠷᠦᠯ ᠵᠦᠢᠯ ᠨᠢ ᠴᠥᠭᠡᠨ ᠲᠣᠭᠠᠲᠤ ᠦᠨᠳᠦᠰᠦᠲᠡᠨ ᠤ 116 | ᠬᠥᠮᠦᠨ ᠳᠤ ᠠᠰᠢᠭ ᠬᠦᠷᠲᠡᠭᠡᠪᠡ᠃ ᠡᠨᠡ ᠵᠢᠯ ᠪᠢᠳᠡ ᠨᠢᠭᠡᠨᠲᠡ ᠴᠥᠭᠡᠨ ᠲᠣᠭᠠᠲᠤ ᠦᠨᠳᠦᠰᠦᠲᠡᠨ ᠤ | ᠬᠥᠭᠵᠢᠯᠲᠡ ᠶᠢᠨ ᠪᠡᠯᠡ ᠮᠥᠩᠭᠦ ᠶᠢ 100 ᠲᠦᠮᠡᠨ ᠲᠦᠬᠦᠷᠢᠭ ᠭᠠᠷᠳᠠᠵᠦ᠂ ᠬᠤᠩ ᠱᠠ ᠪᠠ ᠪᠠᠯᠭᠠᠰᠤᠨ ᠤ | ᠭᠡᠷᠡᠯᠲᠦᠭᠦᠯᠭᠡ ᠶᠢᠨ ᠢᠨᠵᠧᠨᠧᠷᠢᠩ ᠪᠠ ᠬᠤᠨ ᠶᠤᠸᠠᠨ ᠶᠣᠣ ᠰᠢᠶᠠᠩ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ | ᠰᠠᠭᠤᠷᠢᠨ ᠭᠠᠵᠠᠷ ᠪᠠᠶᠢᠭᠤᠯᠬᠤ ᠳᠤ ᠬᠡᠷᠡᠭᠯᠡᠨ᠎ᠡ᠂ ᠣᠳᠣᠬᠠᠨ ᠳᠤ᠂ ᠲᠥᠷᠥᠯ ᠵᠦᠢᠯ ᠶᠠᠭ ᠡᠮᠦᠨᠡᠬᠢ ᠬᠤᠭᠤᠴᠠᠭᠠᠨ ᠤ | ᠪᠡᠯᠡᠳᠬᠡᠯ ᠠᠵᠢᠯ ᠢᠶᠠᠨ ᠬᠢᠵᠦ ᠪᠠᠢᠨ᠎ᠠ᠃ | ᠬᠤᠶᠠᠷ ᠲᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠯᠠᠪᠳᠠᠭᠤᠨ ᠪᠠᠳᠤᠳᠠᠢ ᠰᠠᠶᠢᠲᠤᠷ ᠥᠷᠨᠢᠭᠦᠯᠦᠨ᠎ᠡ᠃ ᠤᠯᠠᠭᠠᠨᠴᠠᠪ ᠬᠤᠲᠠ ᠡᠨᠡ ᠵᠢᠯ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ | ᠪᠥᠬᠦ ᠲᠠᠯ᠎ᠠ ᠪᠠᠷ ᠥᠷᠨᠢᠭᠦᠯᠦᠨ᠎ᠡ᠃ ᠮᠠᠨ ᠤ ᠬᠤᠲᠠ ᠪᠠᠰᠠ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯᠯᠠᠭ᠎ᠠ︾ ᠶᠢ ᠵᠣᠬᠢᠴᠠᠩᠭᠤᠶ ᠪᠠᠷ ᠥᠷᠨᠢᠭᠦᠯᠵᠦ᠂ ᠡᠭᠦᠳᠦᠨ ᠪᠠᠶᠢᠭᠤᠯᠬᠤ ᠬᠠᠷᠠᠯᠲᠠ ᠶᠢᠨ | ᠲᠣᠭᠤᠷᠢᠨ ᠳᠤ ᠪᠢᠳᠡ ᠪᠠᠰᠠ ᠠᠭᠤᠯᠭ᠎ᠠ ᠪᠠᠷ ᠪᠠᠶᠠᠯᠢᠭ ᠬᠡᠯᠪᠡᠷᠢ ᠪᠠᠷ ᠣᠯᠠᠨ ᠶᠠᠩᠵᠤ ᠶᠢᠨ ᠤᠬᠠᠭᠤᠯᠭ᠎ᠠ | ᠬᠥᠮᠦᠵᠢᠯ ᠤᠨ ᠠᠵᠢᠯᠯᠠᠭ᠎ᠠ ᠶᠢ ᠢᠳᠡᠪᠬᠢᠲᠡᠶ ᠦᠷᠨᠢᠬᠦᠯᠪᠡ᠃ ᠤᠯᠠᠭᠠᠨᠴᠠᠪ ᠬᠤᠲᠠ ᠶᠢᠨ ᠪᠥᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠤᠭ᠎ᠠ | ᠬᠠᠷᠠᠯᠲᠠ ᠶᠢ ᠡᠷᠲᠡᠬᠡᠨ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ᠃ | ᠭᠤᠷᠪᠠ ᠳᠤ᠂ ᠮᠣᠩᠭᠤᠯ ᠬᠡᠯᠡ ᠪᠢᠴᠢᠭ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠎ᠠ᠃ 2018 | ᠣᠨ ᠳᠤ ᠮᠠᠨ ᠤ ᠬᠤᠲᠠ ᠨᠢᠭᠡᠨᠲᠡ ᠨᠡᠶᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ ᠬᠡᠯᠡ ᠶᠢ ᠵᠡᠷᠭᠡ ᠪᠠᠷ | ᠬᠡᠷᠡᠭᠯᠡᠬᠦ ᠠᠵᠢᠯ ᠢ ᠴᠡᠭᠴᠡᠯᠡᠨ ᠵᠢᠷᠤᠮᠵᠢᠭᠤᠯᠬᠤ ᠠᠵᠢᠯ ᠢ ᠥᠷᠨᠢᠭᠦᠯᠵᠦ᠂ ᠤᠯᠠᠭᠠᠨᠴᠠᠪ ᠬᠤᠲᠠ ᠶᠢᠨ ᠨᠤᠲᠠᠯᠠᠯᠲᠠ ᠶᠢ | ᠤᠯᠪᠠ᠃ ᠡᠨᠡ ᠵᠢᠯ ᠪᠢᠳᠡ ︽ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠤᠨ ᠵᠣᠷᠢᠭ | ᠰᠠᠨᠠᠭ᠎ᠠ ᠶᠢ ᠦᠷᠬᠦᠯᠵᠢᠯᠡᠨ ᠭᠦᠨᠵᠡᠭᠡᠶ ᠲᠤᠭᠤᠰᠢᠯᠠᠭᠤᠯᠤᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ | ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠨᠡᠶᠢᠭᠡᠮ ᠤᠨ ᠥᠩᠭᠡᠨ ᠬᠡᠷᠡᠭᠯᠡᠭᠡᠨ ᠤ ᠮᠣᠩᠭᠤᠯ ᠬᠢᠲᠠᠳ | ᠬᠡᠯᠡ ᠶᠢ ᠵᠡᠷᠭᠡ ᠪᠠᠷ ᠬᠡᠷᠡᠭᠯᠡᠵᠦ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠵᠦ᠂ ᠵᠢᠯ ᠤᠨ ᠡᠴᠦᠰ ᠠᠴᠠ ᠡᠮᠦᠨ᠎ᠡ ᠮᠠᠨ ᠤ ᠬᠤᠲᠠ ᠶᠢᠨ ᠮᠣᠩᠭᠤᠯ ᠬᠢᠲᠠᠳ ᠬᠤᠶᠠᠷ | ᠲᠥᠷᠥᠯ ᠤᠨ ᠦᠰᠦᠭ ᠪᠢᠴᠢᠭ ᠢ ᠬᠠᠮᠳᠤᠪᠠᠷ ᠬᠡᠷᠡᠭᠯᠡᠬᠦ ᠨᠣᠷᠮ᠎ᠠ᠂ ᠬᠢᠷᠢ ᠲᠡᠩᠴᠡᠬᠦ ᠨᠣᠷᠮ᠎ᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠬᠦ ᠪᠠᠷ ᠴᠢᠷᠮᠠᠶᠢᠨ᠎ᠠ᠃ | ᠰᠤᠷᠪᠤᠯᠵᠢᠯᠠᠭᠴᠢ᠄ ᠵᠠ᠂ ᠠᠨ ᠡᠷᠬᠢᠯᠡᠭᠴᠢ ᠪᠢᠳᠡᠨ ᠤ ᠰᠤᠷᠪᠤᠯᠵᠢᠯᠠᠭ᠎ᠠ ᠶᠢ ᠬᠦᠯᠢᠶᠡᠭᠰᠡᠨ ᠳᠤ ᠲᠠᠯᠠᠷᠬᠠᠵᠤ | ᠪᠠᠶᠢᠨ᠎ᠠ᠂ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠪᠡ᠂ ᠰᠦᠯᠵᠢᠶᠡᠨ ᠠᠨᠳᠠ ᠨᠠᠷ ᠲᠠᠢ ᠪᠠᠨ | ᠲᠠᠷᠠᠭᠠᠴᠢ ᠪᠠᠷ ᠳᠠᠬᠢᠨ ᠠᠭᠤᠯᠵᠠᠶ᠎ᠠ︕ | ᠤᠷᠴᠢᠭᠤᠯᠤᠬᠴᠢ᠄ ᠼᠦᠢ ᠶᠢᠩ |